ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠡᠭᠦᠳᠦᠨ ᠪᠠᠶᠢᠭᠤᠯᠬᠤ ᠠᠵᠢᠯ ᠤᠨ ᠠᠷᠪᠠᠨ ᠨᠢᠭᠡᠳᠦᠭᠡᠷ ᠤᠳᠠᠭᠠᠨ ᠤ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/28
     ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠠᠬᠢᠴᠠ ᠶᠢ ᠪᠥᠬᠦ ᠲᠠᠯ᠎ᠠ ᠪᠠᠷ ᠲᠦᠷᠭᠡᠳᠬᠡᠵᠦ᠂ ᠤᠯᠤᠰ ᠤᠨ ᠰᠢᠯᠭᠠᠨ ᠠᠪᠬᠤ ᠶᠢ ᠤᠭᠲᠤᠬᠤ ᠶᠢᠨ ᠲᠥᠯᠥᠭᠡ᠂ 8 ᠰᠠᠷ᠎ᠠ ᠶᠢᠨ 22 ᠤᠨ ᠡᠳᠦᠷ ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠴᠢᠨᠠᠷ ᠰᠠᠶᠢᠲᠠᠶ ᠲᠡᠩᠴᠡᠭᠦᠷᠢᠲᠡᠶ ᠡᠭᠦᠳᠦᠨ ᠪᠠᠶᠢᠭᠤᠯᠬᠤ ᠠᠵᠢᠯ ᠤᠨ ᠠᠷᠪᠠᠨ ᠨᠢᠭᠡᠳᠦᠭᠡᠷ ᠤᠳᠠᠭᠠᠨ ᠤ ᠠᠬᠢᠭᠤᠯᠬᠤ ᠬᠤᠷᠠᠯ ᠬᠤᠷᠠᠯᠳᠤᠭᠤᠯᠪᠠ᠃ ᠲᠣᠪᠴᠢᠶᠠᠨ ᠤ ᠪᠠᠶᠢᠭᠤᠯᠭ᠎ᠠ ᠶᠢᠨ ᠪᠦᠬᠦ ᠪᠦᠷᠢᠯᠳᠦᠬᠦᠨ᠂ ᠬᠤᠶᠠᠳᠤᠭᠠᠷ ᠳᠡᠰ ᠤᠨ ᠨᠢᠭᠡᠴᠡ ᠶᠢᠨ ᠬᠠᠷᠢᠭᠤᠴᠠᠯᠭᠠᠲᠠᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠵᠠᠬᠢᠷᠤᠯ ᠲᠣᠰ ᠤᠳᠠᠭᠠᠨ ᠤ ᠬᠤᠷᠠᠯ ᠳᠤ ᠣᠷᠣᠯᠴᠠᠪᠠ᠃      ᠬᠤᠷᠠᠯ ᠠᠴᠠ ᠬᠡᠳᠦᠨ ᠵᠦᠢᠯ ᠤᠨ ᠠᠰᠠᠭᠤᠳᠠᠯ ᠢ ᠭᠤᠣᠯᠳᠠᠯᠭ᠎ᠠ ᠲᠠᠢ ᠡᠮᠬᠢᠯᠡᠪᠡ᠄ ᠨᠢᠭᠡ ᠳᠤ᠂ ᠣᠳᠣᠬᠠᠨ ᠤ ᠲᠠᠩᠰᠠ ᠡᠪᠬᠡᠮᠡᠯ ᠤᠨ ᠮᠠᠲ᠋ᠧᠷᠢᠶᠠᠯ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠵᠠᠳᠠᠯᠤᠨ ᠰᠢᠨᠵᠢᠯᠡᠵᠦ᠂ ᠨᠠᠷᠢᠨ ᠨᠢᠮᠪᠠᠶ ᠡᠮᠬᠢᠯᠡᠨ ᠳᠢᠭᠯᠡᠵᠦ᠂ ᠲᠠᠩᠰᠠ ᠡᠪᠬᠡᠮᠡᠯ ᠤᠨ ᠮᠠᠲ᠋ᠧᠷᠢᠶᠠᠯ ᠤᠨ ᠠᠭᠤᠯᠭ᠎ᠠ ᠨᠢ ᠨᠠᠷᠢᠨ ᠪᠣᠳᠠᠲᠠᠶ᠂ ᠲᠤᠭ᠎ᠠ ᠪᠠᠷᠢᠮᠲᠠ ᠨᠢ ᠣᠨᠣᠪᠴᠢᠲᠠᠶ ᠪᠠᠶᠢᠵᠤ᠂ ᠨᠠᠩ ᠬᠠᠨᠳᠤᠯᠭᠠᠲᠤ ᠴᠢᠨᠠᠷ ᠲᠠᠢ ᠪᠠᠶᠢᠬᠤ ᠶᠢ ᠱᠠᠭᠠᠷᠳᠠᠪᠠ᠃ ᠨᠠᠮ ᠤᠨ ᠪᠠᠶᠢᠭᠤᠯᠤᠯᠲᠠ ᠶᠢᠨ ᠠᠵᠢᠯ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠵᠠᠰᠠᠭ ᠵᠠᠬᠢᠷᠭᠠᠨ ᠤ ᠬᠠᠮᠢᠶᠠᠷᠤᠯᠲᠠ᠂ ᠰᠤᠷᠭᠠᠭᠤᠯᠢ ᠶᠢᠨ ᠬᠦᠷᠢᠶᠡᠨ ᠤ ᠰᠣᠶᠣᠯ ᠪᠠ ᠤᠨᠴᠠᠯᠢᠬᠳᠤ ᠬᠥᠭᠵᠢᠯᠲᠡ᠂ ᠰᠤᠷᠤᠭᠴᠢᠳ ᠤᠨ ᠬᠥᠭᠵᠢᠯᠲᠡ ᠪᠠ ᠦᠨᠡᠯᠡᠯᠲᠡ᠂ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠵᠡᠷᠭᠡ ᠲᠠᠯ᠎ᠠ ᠶᠢᠨ ᠪᠠᠶᠢᠭᠤᠯᠤᠯᠲᠠ ᠶᠢ ᠴᠢᠬᠤᠯᠠᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠶᠠᠷ ᠲᠤ᠂ ᠡᠯ᠎ᠡ ᠰᠤᠷᠭᠠᠭᠤᠯᠢ ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠳᠤᠲᠠᠭᠤᠳᠠᠯ ᠪᠠᠭᠤᠷᠠᠶ ᠲᠠᠯ᠎ᠠ ᠪᠠᠨ ᠲᠦᠷᠭᠡᠨ ᠨᠥᠬᠦᠪᠥᠷᠢᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠠᠭᠤᠯᠤᠭᠳᠠᠬᠤᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠣᠯᠠᠨ ᠳᠤ ᠨᠠᠩ ᠣᠯᠠᠨ ᠨᠠᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠶ ᠭᠡᠵᠦ ᠱᠠᠭᠠᠷᠳᠠᠪᠠ᠃ ᠭᠤᠷᠪᠠ ᠳᠤ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠪ᠂ ᠪᠠᠶᠢᠭᠤᠯᠭ᠎ᠠ ᠶᠢᠨ ᠠᠯᠪᠠᠨ ᠬᠡᠷ ᠵᠡᠷᠭᠡ ᠪᠤᠰᠤᠳ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠤᠬᠠᠶ ᠶᠢᠨ ᠭᠠᠵᠠᠷ ᠲᠤᠨᠢ ᠰᠢᠮᠳᠠᠭᠤᠯᠤᠨ ᠵᠢᠯᠣᠭᠤᠳᠬᠤ ᠳᠠᠭᠠᠨ ᠢᠯᠡᠷᠡᠭᠦᠯᠦᠭᠰᠡᠨ ᠠᠰᠠᠭᠤᠳᠠᠯ᠂ ᠲᠠᠩᠰᠠ ᠡᠪᠬᠡᠮᠡᠯ ᠤᠨ ᠪᠠᠶᠢᠭᠤᠯᠤᠯᠲᠠ ᠶᠢᠨ ᠱᠠᠭᠠᠷᠳᠠᠯᠭ᠎ᠠ ᠵᠡᠷᠭᠡ ᠠᠭᠤᠯᠭ᠎ᠠ ᠶᠢᠨ ᠲᠣᠭᠤᠷᠢᠨ ᠳᠤ ᠪᠠᠶᠢᠳᠠᠯ ᠤᠨ ᠬᠠᠷᠢᠭᠤ ᠲᠤᠰᠬᠠᠵᠤ᠂ ᠡᠯ᠎ᠡ ᠰᠠᠯᠠᠭ᠎ᠠ ᠲᠠᠰᠤᠭ᠂ ᠰᠤᠷᠭᠠᠭᠤᠯᠢ ᠶᠢ ᠤᠯᠠᠮ ᠨᠢᠭᠡ ᠠᠯᠬᠤᠮ ᠬᠠᠪᠰᠤᠷᠤᠨ ᠠᠵᠢᠯ ᠤᠨ ᠰᠡᠳᠬᠢᠮᠵᠢ ᠪᠠᠨ ᠲᠣᠳᠣᠷᠬᠠᠶᠢᠯᠠᠵᠤ᠂ ᠳᠤᠲᠠᠭᠤᠳᠠᠯ ᠢᠶᠠᠨ ᠪᠠᠶᠢᠴᠠᠭᠠᠨ ᠨᠥᠬᠦᠪᠥᠷᠢᠯᠡᠵᠦ᠂ ᠪᠠᠶᠢᠴᠠᠭᠠᠯᠲᠠ ᠶᠢ ᠤᠭᠲᠤᠬᠤ ᠳᠤ ᠪᠠᠲᠤ ᠪᠠᠬᠢ ᠰᠠᠭᠤᠷᠢ ᠲᠠᠯᠪᠢᠵᠤ ᠥᠭᠪᠡ᠃      ᠲᠠᠷᠠᠭᠠᠴᠢ ᠶᠢᠨ ᠠᠯᠬᠤᠮ ᠳᠤ᠂ ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠨᠠᠮ ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ ᠣᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠢᠮᠠᠭᠲᠠ ᠪᠠᠲᠤ ᠰᠠᠬᠢᠵᠤ᠂ ᠡᠯ᠎ᠡ ᠵᠦᠶ᠋ᠯ ᠤᠨ ᠦᠨᠡᠯᠡᠨ ᠵᠢᠱᠢᠬᠦ ᠭᠦᠶ᠋ᠴᠡᠳᠬᠡᠯ ᠲᠤᠭ᠎ᠠ ᠶᠢᠨ ᠠᠭᠤᠯᠤᠭᠳᠠᠬᠤᠨ ᠪᠣᠯᠤᠨ ᠠᠭᠤᠯᠬᠤᠨ ᠢ ᠭᠦᠨᠵᠡᠭᠡᠶ ᠣᠶᠢᠯᠠᠭᠠᠬᠤ ᠶᠢᠨ ᠬᠠᠮᠲᠤ ᠣᠨᠣᠪᠴᠢᠲᠠᠶ ᠡᠵᠡᠮᠳᠡᠵᠦ᠂ ᠰᠢᠶ᠋ᠳᠪᠦᠷᠢᠯᠡᠬᠦ ᠲᠥᠰᠦᠯ ᠢ ᠢᠳᠡᠪᠬᠢᠲᠡᠶ ᠡᠷᠢᠯᠬᠢᠯᠡᠵᠦ᠂ ᠳᠡᠭᠡᠳᠦ ᠬᠢᠵᠠᠭᠠᠷ ᠢ ᠨᠡᠬᠡᠮᠵᠢᠯᠡᠨ ᠴᠢᠨᠠᠷ ᠰᠠᠶᠢᠲᠠᠶ ᠶᠢ ᠠᠩᠬᠠᠷᠴᠤ᠂ ᠵᠦᠶ᠋ᠯ ᠵᠦᠶ᠋ᠯ ᠢ ᠪᠠᠷᠢᠮᠵᠢᠶ᠎ᠠ ᠳᠤ ᠬᠦᠷᠦᠭᠦᠯᠬᠦ ᠶᠢ ᠪᠠᠲᠤᠯᠠᠵᠤ᠂ ᠰᠤᠷᠭᠠᠭᠤᠯᠢ ᠪᠠᠷᠢᠮᠵᠢᠶ᠎ᠠ ᠳᠤ ᠬᠦᠷᠴᠦ᠂ ᠡᠷᠲᠡᠬᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠤᠯᠤᠰ ᠤᠨ ᠮᠠᠭᠠᠳᠯᠠᠨ ᠲᠣᠭᠲᠠᠭᠠᠯᠲᠠ ᠶᠢ ᠪᠠᠲᠤᠯᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号