2024 ᠣᠨ ᠤ 8 ᠰᠠᠷ᠎ᠠ ᠶᠢᠨ 27 ᠤ ᠡᠳᠦᠷ ᠤᠨ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠵᠢᠯ ᠤᠨ ᠪᠠᠶᠢᠳᠠᠯ
ᠨᠡᠶᠢᠲᠡᠯᠡᠭᠰᠡᠨ ᠴᠠᠭ᠄
2024/8/28
      ᠪᠠᠢ ᠴᠦᠨ ᠯᠸᠢ᠄ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯᠳᠠᠯᠭ᠎ᠠ ᠲᠠᠢ ᠠᠰᠠᠭᠤᠳᠠᠯ ᠢ ᠴᠡᠭᠴᠡᠯᠡᠨ ᠵᠠᠰᠠᠬᠤ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ ︵ᠬᠤᠪᠠᠭ᠋ᠠᠶᠢᠷᠠᠵᠤ ᠦᠬᠦᠭᠰᠡᠨ ᠮᠣᠳᠣ ᠶᠢ ᠵᠢᠭᠰᠠᠭᠠᠨ ᠪᠠᠶᠢᠴᠠᠭᠠᠵᠤ ᠰᠢᠢᠳᠪᠦᠷᠢᠯᠡᠬᠦ ᠠᠵᠢᠯ ᠢ ᠰᠤᠳᠤᠯᠤᠨ᠎ᠠ︶᠃      ᠱᠢ ᠯᠢ ᠴᠢᠶᠠᠩ᠄ 8 ᠰᠠᠷ᠎ᠠ ᠶᠢᠨ 27 ᠤ ᠡᠳᠦᠷ ᠰᠢ ᠠᠨ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠪᠠ᠃      ᠰᠢᠤ ᠹᠠᠩ᠄  ᠬᠠᠶᠢᠨᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ ᠢᠨᠵᠧᠨᠧᠷᠢᠩ᠂ ᠴᠢᠯᠥᠭᠡᠲᠦ ᠠᠷᠠᠯᠵᠢᠶᠠᠨ ᠤ ᠲᠣᠭᠤᠷᠢᠭ ᠢ ᠡᠭᠦᠳᠦᠨ ᠪᠠᠶᠢᠭᠤᠯᠬᠤ ᠢᠨᠵᠧᠨᠧᠷᠢᠩ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢᠨ ᠶᠠᠷᠢᠯᠴᠠᠬᠤ ᠬᠤᠷᠠᠯ ᠳᠤ  ᠣᠷᠣᠯᠴᠠᠪᠠ᠃       ᠯᠢᠦ ᠵᠢᠶᠠᠨ ᠫᠢᠩ᠄ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠭᠤᠣᠯᠳᠠᠯᠭ᠎ᠠ ᠲᠠᠢ ᠠᠵᠢᠯ ᠤᠨ ᠲᠤᠬᠠᠢ ᠰᠤᠳᠤᠯᠪᠠ᠃       ᠯᠢᠦ ᠲᠢᠶᠠᠨ ᠴᠢᠩ᠄  ᠪᠠᠶ ᠴᠦᠨ ᠯᠸᠢ ᠲᠣᠭᠤᠷᠢᠭ ᠤᠨ ᠳᠠᠷᠤᠭ᠎ᠠ ᠳᠤ ᠪᠠᠷ᠎ᠠ ᠪᠣᠯᠵᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯᠳᠠᠯᠭ᠎ᠠ ᠲᠠᠢ ᠠᠰᠠᠭᠤᠳᠠᠯ ᠢ ᠴᠡᠭᠴᠡᠯᠡᠨ ᠵᠠᠰᠠᠭᠰᠠᠨ ᠠᠵᠢᠯ ᠤᠨ ᠪᠠᠶᠢᠳᠠᠯ ᠢ ᠪᠠᠶᠢᠴᠠᠭᠠᠨ ᠰᠣᠳᠣᠯᠪᠠ᠃      ᠸᠠᠩ ᠶᠦᠩ ᠱᠧᠩ᠄ ᠬᠠᠶᠢᠨᠠᠨ ᠲᠣᠭᠤᠷᠢᠭ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠣᠭᠤᠮᠲᠠ ᠰᠢᠪᠲᠤᠯᠬᠤ ᠶᠢ ᠠᠬᠢᠭᠤᠯᠬᠤ ᠬᠤᠷᠠᠯ ᠵᠢᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠠᠵᠢᠯ ᠤᠨ ᠲᠤᠰᠬᠠᠢ ᠠᠩᠬᠢ ᠶᠢᠨ 25 ᠳ᠋ᠤᠭᠠᠷ ᠤᠳᠠᠭ᠎ᠠ ᠶᠢᠨ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠣᠭᠤᠯᠪᠠ᠃      ᠵᠠᠩ ᠨᠢᠩ ᠄ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠭᠤᠣᠯᠳᠠᠯᠭ᠎ᠠ ᠲᠠᠢ ᠠᠵᠢᠯ ᠤᠨ ᠲᠤᠬᠠᠢ ᠰᠤᠳᠤᠯᠪᠠ᠃       ᠭᠤᠤ ᠵᠧᠨ ᠭᠠᠩ᠄ ᠬᠠᠶᠢᠨᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ ᠢᠨᠵᠧᠨᠧᠷᠢᠩ᠂ ᠴᠢᠯᠥᠭᠡᠲᠦ ᠠᠷᠠᠯᠵᠢᠶᠠᠨ ᠤ ᠲᠣᠭᠤᠷᠢᠭ ᠢ ᠡᠭᠦᠳᠦᠨ ᠪᠠᠶᠢᠭᠤᠯᠬᠤ ᠢᠨᠵᠧᠨᠧᠷᠢᠩ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢᠨ ᠶᠠᠷᠢᠯᠴᠠᠬᠤ ᠬᠤᠷᠠᠯ ᠳᠤ ᠣᠷᠣᠯᠴᠠᠵᠤ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠬᠦᠷᠴᠦ ᠤᠢᠢᠷ᠎ᠠ ᠶᠢᠨ ᠬᠤᠭᠤᠴᠠᠭᠠᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ  ᠰᠣᠨᠣᠰᠪᠠ᠃ 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号