ᠢᠦᠢ ᡁᠢ ᠶᠦᠩ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠬᠢᠯᠡᠨ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠮᠠᠨ ᠤ ᠲᠤᠭᠤᠷᠢᠭ ᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/8/29
      8 ᠰᠠᠷ᠎ᠠ ᠶᠢᠨ 28 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠬᠢᠯᠡᠨ ᠬᠤᠷᠠᠯᠳᠤᠭᠤᠯᠵᠤ᠂ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠦᠨᠡᠨ︾ ᠰᠡᠳᠬᠦᠯ ᠳᠤ ᠨᠡᠶᠢᠲᠡᠯᠡᠭᠰᠡᠨ ︽︿ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ﹀ ᠤᠨ ᠲᠤᠬᠠᠶ ᠲᠣᠳᠣᠷᠬᠠᠶᠢᠯᠠᠯᠲᠠ︾ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠪᠥᠬᠦ ᠲᠣᠭᠤᠷᠢᠭ ᠢᠶᠠᠷ ᠢᠶᠠᠨ ︽ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠵᠤ ᠰᠢᠨ᠎ᠡ ᠪᠠᠶᠢᠷᠢᠰᠢᠯ ᠢ ᠪᠦᠷᠢᠯᠳᠦᠭᠦᠯᠬᠦ ᠲᠤᠬᠠᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾ ᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠭᠡᠷᠡᠴᠢᠯᠡᠯᠲᠡ ᠶᠢᠨ ᠠᠷᠭ᠎ᠠ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ᠂ ᠰᠢᠨ᠎ᠡ ᠶᠢ ᠡᠭᠦᠳᠬᠦ ᠶᠢ ᠠᠳᠬᠤᠬᠤ᠂ ᠣᠷᠴᠢᠨ ᠠᠬᠤᠶ ᠶᠢ ᠰᠢᠯᠢᠳᠡᠭᠵᠢᠭᠦᠯᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠤᠷᠢᠭ᠎ᠠ ᠱᠤᠭᠤᠮ ᠢ ᠪᠠᠲᠤᠳᠬᠠᠬᠤ᠂ ᠵᠠᠰᠠᠯᠲᠠ ᠶᠢ ᠴᠢᠩᠭᠠᠳᠬᠠᠬᠤ ᠶᠢ ᠪᠠᠷᠢᠮᠲᠠᠯᠠᠨ᠂ ᠮᠠᠨ ᠤ ᠲᠣᠭᠤᠷᠢᠭ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠬᠤᠲᠠ ᠬᠥᠳᠡᠭᠡ ᠶᠢᠨ ᠬᠥᠭᠵᠢᠯᠲᠡ᠂ ᠨᠡᠶᠢᠭᠡᠮ ᠤᠨ ᠵᠠᠰᠠᠯᠲᠠ ᠵᠡᠷᠭᠡ ᠬᠦᠷᠢᠶᠡᠨ ᠳᠠᠬᠢ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠲᠠᠰᠤᠷᠠᠯᠲᠠ ᠥᠬᠡᠶ ᠬᠥᠳᠡᠯᠭᠡᠬᠦ ᠬᠦᠴᠦᠨ ᠨᠡᠮᠡᠭᠳᠡᠭᠦᠯᠬᠦ ᠬᠡᠷᠡᠭᠲᠡᠶ᠃ ᠪᠦᠬᠦ ᠲᠠᠯ᠎ᠠ ᠪᠠᠷ ᠵᠥᠪ ᠲᠡᠦᠬᠡ ᠶᠢᠨ ᠦᠵᠡᠯᠲᠡ ᠶᠢ ᠪᠠᠷᠢᠮᠲᠠᠯᠠᠵᠤ᠂ ᠳ᠋ᠧᠩ ᠰᠢᠶᠤᠤ ᠫᠢᠩ ᠨᠥᠬᠦᠷ ᠤᠨ ᠪᠠᠶᠢᠭᠤᠯᠤᠭᠰᠠᠨ ᠲᠡᠦᠬᠡᠨ ᠭᠠᠪᠢᠶ᠎ᠠ ᠵᠢᠳᠬᠦᠯ ᠢ ᠪᠠᠲᠤ ᠴᠡᠭᠡᠵᠢᠯᠡᠵᠦ᠂ ᠳ᠋ᠧᠩ ᠰᠢᠶᠤᠤ ᠫᠢᠩ ᠨᠥᠬᠦᠷ ᠤᠨ ᠡᠷᠬᠢᠮ ᠳᠡᠭᠡᠳᠦ ᠤᠶᠤᠨ ᠰᠠᠨᠠᠭᠠᠨ ᠤ ᠬᠡᠪ ᠨᠠᠮᠪᠠ ᠶᠢ ᠰᠤᠷᠤᠯᠴᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠤᠬᠠᠮᠰᠠᠷ ᠠᠴᠠ ᠪᠠᠨ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠦᠨᠳᠦᠰᠦᠨ ᠪᠤᠳᠤᠯᠭ᠎ᠠ ᠴᠢᠭᠯᠡᠯᠲᠡ ᠪᠣᠯᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠭᠠᠵᠠᠷ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠠᠷᠠᠳ ᠤᠨ ᠠᠮᠢᠳᠤᠷᠠᠯ ᠢ ᠦᠨᠡᠨ ᠰᠡᠳᠬᠢᠯ ᠠᠴᠠ ᠪᠠᠨ ᠪᠠᠲᠤᠯᠠᠨ ᠰᠠᠶᠢᠵᠢᠷᠠᠭᠤᠯᠵᠤ᠂ ᠳ᠋ᠧᠩ ᠰᠢᠶᠤᠤ ᠫᠢᠩ ᠨᠥᠬᠦᠷ ᠢ ᠮᠥᠷᠥᠭᠡᠳᠦᠨ ᠪᠢᠰᠢᠷᠡᠬᠦ ᠰᠡᠳᠬᠢᠯᠭᠡ ᠶᠢ ᠦᠨᠡᠨ ᠬᠦ ᠠᠵᠢᠯ ᠬᠢᠵᠦ ᠦᠢᠯᠡᠰ ᠪᠤᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠤᠨ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠲᠠᠢ ᠨᠢᠭᠲᠠ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠪᠡᠶ᠎ᠡ ᠶᠢᠨ ᠲᠠᠮᠢᠷ ᠤᠨ ᠦᠢᠯᠡᠰ ᠢ ᠶᠡᠭᠡ ᠪᠠᠷ ᠬᠥᠭᠵᠢᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠤᠯᠠᠨ ᠬᠡᠯᠪᠡᠷᠢ ᠶᠢᠨ ᠬᠡᠯᠪᠡᠷᠢ ᠮᠠᠶ᠋ᠢᠭ ᠤᠨ᠂ ᠪᠠᠶᠠᠯᠢᠭ ᠰᠠᠶᠢᠬᠠᠨ᠂ ᠰᠡᠷᠡᠭᠳᠡᠯ ᠲᠠᠢ ᠤᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠠᠷᠠᠳ ᠲᠦᠮᠡᠨ ᠤ ᠪᠡᠶ᠎ᠡ ᠮᠠᠬᠠᠪᠣᠳ ᠢ ᠲᠠᠰᠤᠷᠠᠯᠳᠠ ᠦᠭᠡᠢ ᠴᠢᠩᠭᠠᠷᠠᠭᠤᠯᠵᠤ᠂ ᠮᠠᠨ ᠤ ᠲᠣᠭᠤᠷᠢᠭ ᠤᠨ ᠪᠡᠶ᠎ᠡ ᠶᠢᠨ ᠲᠠᠮᠢᠷ ᠤᠨ ᠪᠦᠳᠦᠭᠡᠨ ᠪᠠᠶᠢᠭᠤᠯᠤᠯᠲᠠ ᠶᠢᠨ ᠰᠢᠨ᠎ᠡ ᠲᠦᠪᠰᠢᠨ ᠳᠤ ᠭᠠᠷᠴᠤ᠂ ᠰᠢᠨ᠎ᠡ ᠦᠷ᠎ᠡ ᠪᠦᠲᠦᠮᠵᠢ ᠤᠯᠬᠤ ᠶᠢ ᠬᠦᠴᠦᠲᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ ᠲᠤᠬᠠᠶ ᠰᠠᠨᠠᠯ︾ ᠢ ᠤᠯᠠᠮᠵᠢᠯᠠᠨ ᠰᠤᠷᠤᠯᠴᠠᠵᠤ᠂ ᠮᠠᠨ ᠤ ᠲᠣᠭᠤᠷᠢᠭ ᠤᠨ ᠠᠵᠤ ᠦᠢᠯᠡᠰ ᠤᠨ ᠰᠠᠭᠤᠷᠢ ᠪᠠ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠰᠠᠨᠠᠯ︾ ᠤᠨ ᠡᠯ᠎ᠡ ᠵᠦᠢᠯ ᠤᠨ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ︽ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠳᠤ ᠬᠥᠷᠬᠡᠬᠦ ᠠᠷᠪᠠᠨ ᠬᠤᠶᠠᠳᠤᠭᠠᠷ ᠶᠡᠭᠡ ᠠᠵᠢᠯᠯᠠᠭ᠎ᠠ︾ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ ᠰᠡᠳᠬᠢᠴᠡ᠂ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠦᠵᠡᠰᠬᠦᠯᠡᠩᠲᠦ ᠰᠠᠶᠢᠬᠠᠨ ᠬᠠᠶᠢᠨᠠᠨ ᠲᠣᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠳᠥᠯᠭᠢᠨ ᠠᠬᠢᠭᠤᠯᠵᠤ᠂ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠪᠣᠬᠢᠷᠲᠤᠯ ᠥᠬᠡᠶ ᠡᠨᠧᠷᠭᠢ ᠶᠢ ᠰᠢᠩᠭᠡᠭᠡᠨ ᠠᠪᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠤᠨ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠠᠵᠢᠯ ᠢ ᠬᠠᠮᠵᠢᠯᠴᠠᠨ ᠠᠬᠢᠭᠤᠯᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠶ ᠰᠠᠶᠢᠲᠤᠷ ᠵᠠᠮᠨᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠦᠢᠯᠡ ᠠᠵᠢᠯᠯᠠᠭ᠎ᠠ ᠶᠢ ᠵᠢᠷᠤᠮᠵᠢᠭᠤᠯᠵᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠠᠷᠭ᠎ᠠ ᠬᠡᠮᠵᠢᠶ᠎ᠡ ᠨᠦᠭᠦᠳ︾ ᠢ ᠤᠯᠠᠮᠵᠢᠯᠠᠨ ᠰᠤᠷᠤᠯᠴᠠᠵᠤ᠂ ᠪᠥᠬᠦ ᠲᠤᠭᠤᠷᠢᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠣᠨ ᠤ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠡᠯᠧᠮᠧᠨ᠋ᠲ ᠤᠨ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠴᠢᠩᠭᠠᠳᠬᠠᠵᠤ᠂ ᠬᠦᠷᠢᠶᠡᠯᠡᠩ ᠲᠣᠭᠤᠷᠢᠭ ᠤᠨ ︽ᠰᠢᠨ᠎ᠡ ᠪᠠᠷ ᠶᠠᠰᠤ ᠴᠢᠨᠠᠷ ᠢ ᠳᠡᠭᠡᠭᠰᠢᠯᠡᠭᠦᠯᠬᠦ︾ ᠶᠢ ᠲᠦᠷᠭᠡᠳᠬᠡᠨ ᠠᠬᠢᠭᠤᠯᠵᠤ᠂ ᠦᠨᠡᠨ ᠬᠦ ᠯᠠᠪᠳᠠᠭᠤᠨ ᠪᠠᠲᠤᠲᠠᠶ᠂ ᠬᠦᠴᠦᠲᠡᠶ ᠪᠦᠲᠦᠮᠵᠢᠲᠡᠶ ᠠᠵᠢᠯ ᠢᠶᠠᠷ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠷᠠᠯ ᠠᠴᠠ ᠪᠠᠰᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠲᠣᠭᠲᠠᠭᠠᠯ ᠤᠳ︾ ᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号