ᠷᠠᠰᠠᠩ ᠰᠦᠮ᠎ᠡ ᠪᠠᠯᠭᠠᠰᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ 98 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/30
      8 ᠰᠠᠷ᠎ᠠ ᠶᠢᠨ 29 ᠤ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠶᠤᠸᠠᠢ ᠯᠦᠩ ᠷᠠᠰᠠᠩ ᠰᠦᠮ᠎ᠡ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ 98 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠳ᠋ᠧᠩ ᠰᠢᠶᠤᠤ ᠫᠢᠩ ᠨᠥᠬᠦᠷ ᠤᠨ ᠮᠡᠨᠳᠦᠯᠡᠭᠰᠡᠨ 120 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷ᠎ᠡ ᠪᠠ 33 ᠳ᠋ᠤᠭᠠᠷ ᠬᠤᠭᠤᠴᠠᠭᠠᠨ ᠤ ᠣᠯᠢᠮᠫᠢᠺ ᠤᠨ ᠲᠠᠮᠢᠷ ᠤᠨ ᠴᠤᠭᠯᠠᠭᠠᠨ ᠤ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠢ ᠬᠦᠯᠢᠶᠡᠨ ᠠᠪᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ᠂ ᠬᠤᠳᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ᠣᠷᠣᠨ ᠤ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠲᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠤᠨ ᠲᠦᠷᠢᠮ︾ ᠢ ᠬᠢᠨᠠᠨ ᠵᠥᠪᠯᠡᠵᠦ᠂ ᠮᠠᠨ ᠤ ᠪᠠᠯᠭᠠᠰᠤᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠳ᠋ᠧᠩ ᠰᠢᠶᠤᠤ ᠫᠢᠩ ᠨᠥᠬᠦᠷ ᠤᠨ ᠮᠡᠨᠳᠦᠯᠡᠭᠰᠡᠨ 120 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳ᠋ᠧᠩ ᠰᠢᠶᠤᠤ ᠫᠢᠩ ᠨᠥᠬᠦᠷ ᠤᠨ ᠭᠡᠷᠡᠯ ᠰᠠᠴᠤᠷᠠᠩᠭᠤᠢ ᠦᠵᠡᠯ ᠰᠠᠨᠠᠭ᠎ᠠ ᠪᠣᠯᠤᠨ ᠡᠷᠬᠢᠮ ᠳᠡᠭᠡᠳᠦ ᠬᠤᠪᠢᠰᠬᠠᠯ ᠤᠨ ᠬᠡᠪ ᠰᠤᠷᠲᠠᠯ ᠢ ᠤᠯᠠᠮᠵᠢᠯᠠᠨ ᠪᠠᠳᠠᠷᠠᠭᠤᠯᠵᠤ᠂ ᠳ᠋ᠧᠩ ᠰᠢᠶᠤᠤ ᠫᠢᠩ ᠨᠥᠬᠦᠷ ᠢ ᠭᠦᠨ ᠮᠥᠷᠥᠭᠡᠳᠦᠨ ᠰᠠᠨᠠᠭᠠᠯᠵᠠᠬᠤ ᠪᠠ ᠬᠢᠵᠠᠭᠠᠯᠠᠰᠢ ᠦᠭᠡᠢ ᠬᠦᠨᠳᠦᠳᠬᠡᠨ ᠪᠢᠰᠢᠷᠡᠬᠦ ᠶᠢ ᠠᠵᠢᠯ ᠬᠢᠵᠦ ᠦᠢᠯᠡᠰ ᠪᠤᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ᠂ ᠬᠤᠳᠠ ᠶᠢᠨ ᠨᠠᠮ ᠤᠨ ᠬᠤᠷᠢᠶ᠎ᠠ ᠶᠢᠨ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠪᠣᠯᠣᠨ ᠲᠣᠭᠤᠷᠢᠭ ᠤᠨ ᠨᠠᠮ ᠤᠨ ᠬᠤᠷᠢᠶ᠎ᠠ ᠶᠢᠨ ᠶᠢᠰᠦᠳᠦᠭᠡᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠡᠴᠦᠰ ᠲᠤᠨᠢ ᠲᠤᠯᠲᠠᠯ᠎ᠠ ᠠᠳᠬᠤᠬᠤ᠂ ᠥᠨᠢ ᠤᠳᠠᠭᠠᠨ ᠴᠢᠷᠮᠠᠶᠢᠬᠤ ᠬᠠᠳᠠᠨ ᠵᠣᠷᠢᠭ ᠢ ᠪᠠᠲᠤᠯᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠪᠡᠶᠡᠯᠡᠭᠦᠯᠬᠦ ᠬᠡᠷᠡᠭᠲᠡᠢ᠃ ᠨᠢᠭᠡᠳᠦᠮᠡᠯ ᠹᠷᠣᠨᠲ ᠤᠨ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ ᠪᠠ ᠦᠶ᠋ᠯᠡ ᠠᠵᠢᠯᠯᠠᠭᠠᠨ ᠤ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠰᠢᠵᠢᠮ ᠢ ᠢᠮᠠᠭᠲᠠ ᠡᠵᠡᠮᠳᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠢ ᠠᠮᠢᠳᠤᠯᠢᠭ ᠪᠥᠭᠡᠳ ᠪᠦᠲᠦᠮᠵᠢᠲᠡᠶ ᠦᠷᠭᠦᠯᠵᠢᠯᠡᠨ ᠠᠬᠢᠭᠤᠯᠵᠤ᠂ ᠪᠥᠬᠦ ᠪᠠᠯᠭᠠᠰᠤᠨ ᠤ ᠨᠢᠭᠡᠳᠦᠮᠡᠯ ᠹᠷᠣᠨᠲ ᠤᠨ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号