ᠢᠦᠶ ᡁᠢ ᠶᠦᠩ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/8/30
      8 ᠰᠠᠷ᠎ᠠ ᠶᠢᠨ 29 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠪᠣᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠸᠠᠩ ᠶᠦᠩ ᠱᠧᠩ᠂ ᠭᠤᠤ ᠵᠧᠨ ᠭᠠᠩ ᠣᠷᠣᠯᠴᠠᠪᠠ᠃      ᠥᠪᠥᠷ ᠮᠣᠩᠭᠤᠯ ᠤᠨ ᠭᠤᠸᠠᠩ ᠵᠢᠤᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠤᠸᠠ ᠾᠧᠩ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠢᠦᠢ ᡁᠢ ᠶᠦᠩ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠡᠯ᠎ᠡ ᠠᠵᠤ ᠠᠬᠤᠶᠢᠯᠠᠯ ᠤᠨ ᠬᠢᠨ ᠢᠲᠡᠭᠡᠯ ᠵᠣᠷᠢᠭ ᠢᠶᠠᠨ ᠪᠠᠲᠤᠳᠬᠠᠵᠤ᠂ ᠲᠤᠰ ᠪᠡᠶ᠎ᠡ ᠶᠢᠨ ᠳᠠᠪᠠᠭᠤᠯᠢᠭ ᠣᠨᠴᠠᠯᠢᠭ ᠲᠠᠭᠠᠨ ᠰᠠᠭᠤᠷᠢᠯᠠᠵᠤ᠂ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠤᠨ ᠭᠤᠣᠯᠯᠠᠭᠴᠢ ᠦᠷᠢᠰᠦᠯᠳᠦᠬᠦ ᠬᠦᠴᠦᠨ ᠢ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠤᠨ ᠦᠷᠭᠦᠯᠵᠢᠯᠡᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠬᠡᠷᠡᠭᠲᠡᠢ᠃ ᠬᠤᠷᠢᠭ᠎ᠠ ᠱᠤᠭᠤᠮ ᠤᠨ ᠤᠬᠠᠮᠰᠠᠷ ᠢᠶᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠪᠣᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠪᠣᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠬᠤ ᠬᠡᠷᠡᠭᠲᠡᠢ᠃ ᠪᠠᠶᠠᠨᠲᠤᠬᠤᠢ ᠪᠠᠯᠭᠠᠰᠤᠨ ᠤ ᠢ ᠺᠧ ᠱᠤ᠋ ᠲᠣᠰᠬᠤᠨ᠂ ᠳ᠋ᠦᠩ ᠰᠢᠩ ᠲᠣᠰᠬᠤᠨ᠂ ᠳ᠋ᠦ᠋ ᠺᠸᠦ ᠲᠣᠰᠬᠤᠨ ᠳᠤ ᠢᠦᠢ ᡁᠢ ᠶᠦᠩ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠪᠣᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠲᠠᠷᠢᠶᠠᠯᠠᠩ ᠤᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ ᠢ ᠢᠳᠡᠪᠬᠢᠲᠡᠢ ᠵᠣᠬᠢᠴᠠᠭᠤᠯᠵᠤ᠂ ᠮᠥᠷᠳᠡᠨ ᠳᠠᠭᠠᠵᠤ᠂ ᠰᠢᠢᠳᠪᠦᠷᠢᠯᠡᠭᠰᠡᠨ ᠤᠷᠢᠲᠠᠯ ᠳᠣᠣᠷ᠎ᠠ ᠪᠦᠳᠦᠭᠡᠨ ᠪᠠᠶᠢᠭᠤᠯᠤᠯᠲᠠ ᠶᠢᠨ ᠠᠬᠢᠴᠠ ᠪᠠᠨ ᠴᠢᠨᠠᠭᠰᠢᠳᠠ ᠲᠦᠷᠭᠡᠳᠬᠡᠬᠦ ᠶᠢᠨ ᠬᠠᠮᠲᠤ ᠲᠠᠷᠢᠶᠠᠨ ᠭᠠᠵᠠᠷ ᠤᠨ ᠪᠠᠷᠢᠯᠭ᠎ᠠ ᠶᠢ ᠤᠷᠢᠳᠴᠢᠯᠠᠨ ᠲᠥᠯᠥᠪᠵᠢᠭᠦᠯᠵᠦ᠂ ᠲᠦᠷᠦᠯ ᠵᠦᠢᠯ ᠤᠨ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠳᠠᠭᠤᠰᠬᠠᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号