ᠭᠦᠬᠤᠰᠣ ᠪᠠᠯᠭᠠᠰᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠲᠠᠯ᠎ᠠ ᠪᠠᠷ ᠲᠤᠤᠱᠯᠠᠭᠤᠯᠤᠨ ᠪᠠᠲᠤ ᠪᠠᠬᠢ ᠪᠤᠢ ᠪᠣᠯᠭᠠᠵᠤ ᠪᠦᠬᠦ ᠪᠠᠯᠭᠠᠰᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/5
      8 ᠰᠠᠷ᠎ᠠ ᠶᠢᠨ 2 ᠤᠨ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠧ ᠸᠠᠨ ᠯᠦᠩ ᠬᠦᠬᠤᠰᠤ ᠪᠠᠯᠭᠠᠰᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠥᠬᠦ ᠲᠠᠯ᠎ᠠ ᠪᠠᠷ ᠲᠤᠤᠱᠯᠠᠭᠤᠯᠤᠨ ᠪᠠᠲᠤ ᠪᠠᠬᠢ ᠪᠣᠶ ᠪᠣᠯᠭᠠᠵᠤ ᠪᠥᠬᠦ ᠪᠠᠯᠭᠠᠰᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠤ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠣᠤᠷ᠎ᠠ ᠬᠠᠭᠠᠰ ᠵᠢᠯ ᠤᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠭᠧ ᠸᠠᠨ ᠯᠦᠩ ᠴᠢᠬᠤᠯᠠᠴᠢᠯᠠᠭᠰᠠᠨ ᠨᠢ᠂ ᠪᠦᠬᠦ ᠪᠠᠯᠭᠠᠰᠤᠨ ᠤ ᠳᠡᠭᠡᠳᠦ ᠲᠤᠤᠷᠠᠳᠤ ᠱᠠᠳᠤ ᠪᠠᠷ ᠢᠶᠠᠨ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠮᠠᠨ ᠤ ᠵᠢᠯ ᠤᠨ ᠡᠬᠢᠨ ᠳᠤ ᠲᠣᠭᠲᠠᠭᠠᠭᠰᠠᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠲᠠᠢ ᠤᠶᠠᠯᠳᠤᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾᠂ ᠦᠬᠠᠢ ᠬᠤᠳᠠ ᠶᠢᠨ ︽ᠠᠷᠪᠠᠨ ᠬᠤᠶᠠᠷ ᠲᠦᠷᠦᠯ ᠤᠨ ᠭᠤᠣᠯᠳᠠᠯᠭ᠎ᠠ ᠲᠠᠢ ᠠᠵᠢᠯ︾ ᠪᠣᠯᠤᠨ ᠬᠠᠶᠢᠨᠠᠨ ᠲᠣᠭᠤᠷᠢᠭ ᠤᠨ ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠳᠤ ᠬᠦ᠋ᠨ ᠤᠰᠤᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠲᠠᠩᠰᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠭᠦᠢᠴᠡᠳᠭᠡᠵᠦ᠂ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠵᠠᠳᠠᠯᠬᠤ᠂ ᠠᠰᠠᠭᠤᠳᠠᠯ ᠢ ᠰᠢᠢᠳᠪᠦᠷᠢᠯᠡᠬᠦ᠂ ᠠᠰᠠᠭᠤᠳᠠᠯ ᠢ ᠳ᠋ᠦᠩᠨᠡᠬᠦ ᠳᠡᠭᠡᠨ ᠴᠢᠳᠠᠮᠠᠭᠠᠶ ᠪᠠᠶᠢᠵᠤ᠂ ᠠᠵᠢᠯ ᠤᠨ ᠭᠦᠨᠴᠡ ᠶᠢ ᠳᠠᠬᠢᠨ ᠠᠭᠤᠳᠠᠯᠵᠤ᠂ ᠠᠵᠢᠯ ᠤᠨ ᠰᠢᠨ᠎ᠡ ᠪᠠᠶᠢᠳᠠᠯ ᠢ ᠳᠠᠬᠢᠨ ᠨᠡᠭᠡᠭᠡᠵᠦ᠂ ᠠᠵᠢᠯ ᠤᠨ ᠳᠠᠪᠠᠭᠤᠯᠢᠭ ᠢᠶᠠᠨ ᠳᠠᠬᠢᠨ ᠪᠠᠬᠢᠵᠢᠭᠦᠯᠵᠦ᠂ ᠲᠥᠷᠥ ᠶᠢᠨ ᠪᠣᠳᠣᠯᠭ᠎ᠠ ᠶᠢ ᠨᠡᠪᠲᠡᠷᠡᠲᠡᠯ᠎ᠡ ᠰᠤᠳᠤᠯᠵᠤ᠂ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠯ᠎ᠡ ᠵᠦᠶ᠋ᠯ ᠤᠨ ᠭᠤᠤᠯᠳᠠᠯᠭ᠎ᠠ ᠲᠠᠢ ᠠᠵᠢᠯ ᠤᠨ ᠡᠮᠬᠢ ᠵᠢᠷᠤᠮ ᠲᠠᠢ ᠤᠷᠤᠭᠰᠢ ᠠᠬᠢᠭᠤᠯᠬᠤ ᠶᠢ ᠪᠠᠲᠤᠯᠠᠬᠤ ᠬᠡᠷᠡᠭᠲᠡᠶ᠃ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠭᠤᠣᠯ ᠱᠤᠭᠤᠮ ᠢᠶᠠᠷ ︽ᠬᠤᠶᠠᠷ ᠶᠡᠭᠡ ᠶᠠᠪᠤᠳᠠᠯ︾ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠨᠠᠮᠳᠠᠭᠤᠯᠬᠤ᠂ ᠠᠶᠤᠯᠭᠦᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠲᠠᠢ ᠠᠵᠢᠯ ᠢ ᠤᠷᠳᠤ ᠬᠤᠭᠤᠴᠠᠭ᠎ᠠ ᠪᠠᠷ ᠰᠠᠶᠢᠲᠤᠷ ᠠᠳᠬᠤᠵᠤ᠂ ᠬᠠᠮᠤᠭ ᠤᠨ ᠥᠨᠳᠥᠷ ᠦᠷ᠎ᠡ ᠪᠦᠲᠦᠮᠵᠢ᠂ ᠬᠠᠮᠤᠭ ᠤᠨ ᠰᠢᠯᠢᠳᠡᠭ ᠶᠠᠰᠤ ᠴᠢᠨᠠᠷ ᠢᠶᠠᠷ ᠡᠯ᠎ᠡ ᠵᠦᠢᠯ ᠤᠨ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号