ᠪᠠᠶ ᠴᠦᠨ ᠯᠸᠢ ᠪᠦᠯᠬᠦᠮ ᠳᠠᠭᠠᠭᠤᠯᠤᠨ ᠬᠤᠪᠸᠢ ᠮᠤᠵᠢ᠂ ᠭᠤᠸᠠᠩᠳᠦ᠋ᠩ ᠮᠤᠵᠢ ᠵᠡᠷᠭᠡ ᠭᠠᠵᠠᠷ ᠲᠤ ᠬᠦᠷᠴᠦ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/8/5
      8 ᠰᠠᠷ᠎ᠠ ᠶᠢᠨ 1 ᠤ ᠡᠳᠦᠷ ᠠᠴᠠ 3 ᠤ ᠡᠳᠦᠷ ᠪᠣᠯᠲᠠᠯ᠎ᠠ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠬᠤᠪᠧᠶ ᠶᠢᠨ ᠢᠴᠠᠩ ᠬᠤᠲᠠ᠂ ᠭᠤᠸᠠᠩᠳᠦ᠋ᠩ ᠤᠨ ᠳ᠋ᠦᠩ ᠭᠤᠸᠠᠨ ᠬᠤᠲᠠ᠂ ᠪᠡᠭᠡᠵᠢᠩ ᠬᠤᠲᠠ ᠳᠤ ᠬᠦᠷᠴᠦ ᠰᠢᠨᠵᠢᠯᠡᠨ ᠪᠠᠶᠢᠴᠠᠭᠠᠵᠤ ᠬᠤᠳᠠᠯᠳᠤᠭᠠᠴᠢᠨ ᠤᠷᠢᠪᠠ᠃ ᠲᠣᠭᠤᠷᠢᠭ ᠤᠨ ᠤᠳᠤᠷᠢᠳᠤᠯᠭ᠎ᠠ ᠯᠢᠦ ᠲᠢᠶᠠᠨ ᠴᠢᠩ ᠪᠠᠷ᠎ᠠ ᠪᠣᠯᠪᠠ᠃
  2.jpg     
      ᠪᠠᠢ ᠴᠦᠨ ᠯᠸᠢ ᠨᠠᠷ ᠤᠷᠢᠳ ᠬᠤᠵᠢᠳ ᠬᠤᠪᠸᠢ ᠶᠢᠨ ᠢ ᠬᠤᠸᠠ ᠬᠢᠮᠢ ᠶᠢᠨ ᠠᠵᠤ ᠦᠢᠯᠡᠳᠪᠦᠷᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠰᠢᠶᠠᠩᠭᠠᠩ ᠤᠨ ᠸᠠᠨ ᠢᠦᠢ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ︵ᠭᠤᠸᠠᠩᠳᠦ᠋ᠩ ᠤᠨ ᠳ᠋ᠦᠩ ᠸᠠ︶ ᠵᠡᠷᠭᠡ ᠠᠵᠤ ᠠᠬᠤᠶᠢᠯᠠᠯ ᠳᠤ ᠬᠦᠷᠴᠦ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ᠂ ᠶᠠᠷᠢᠯᠴᠠᠬᠤ ᠬᠤᠷᠠᠯ ᠥᠷᠨᠢᠭᠦᠯᠬᠦ ᠵᠡᠷᠭᠡ ᠬᠡᠯᠪᠡᠷᠢ ᠪᠠᠷ ᠠᠵᠤ ᠠᠬᠤᠶᠢᠯᠠᠯ ᠲᠠᠢ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠠᠬᠢᠭᠤᠯᠪᠠ᠃ ᠪᠠᠢ ᠴᠦᠨ ᠯᠸᠢ᠂ ᠬᠠᠶᠢᠨᠠᠨ ᠲᠣᠭᠤᠷᠢᠭ ᠤᠨ ᠣᠷᠣᠨ ᠪᠠᠶᠢᠷᠢ ᠶᠢᠨ ᠳᠠᠪᠠᠭᠤᠯᠢᠭ ᠲᠣᠪᠤᠶᠢᠮ᠎ᠠ᠂ ᠵᠠᠮ ᠬᠠᠷᠢᠯᠴᠠᠭᠠᠨ ᠤ ᠨᠥᠬᠦᠴᠡᠯ ᠳᠥᠭᠦᠮ᠂ ᠠᠵᠤ ᠦᠢᠯᠡᠰ ᠤᠨ ᠰᠠᠭᠤᠷᠢ ᠵᠤᠵᠠᠭᠠᠨ᠂ ᠣᠳᠣᠬᠠᠨ ᠳᠤ ᠶᠠᠭ ᠥᠪᠥᠷ ᠮᠣᠩᠭᠤᠯ ᠤᠨ ︽ᠰᠢᠨ᠎ᠡ ᠵᠠᠮ ᠢ ᠨᠡᠭᠡᠭᠡᠵᠦ᠂ ᠳᠤᠮᠳᠠᠳᠤ ᠤᠯᠤᠰ ᠲᠤ ᠣᠷᠣᠵᠤ ᠵᠢᠭᠤᠯᠴᠢᠯᠠᠬᠤ︾ ᠲᠡᠮᠡᠴᠡᠬᠦ ᠬᠠᠷᠠᠯᠲᠠ ᠶᠢᠨ ᠲᠣᠭᠤᠷᠢᠨ ᠳᠤ᠂ ᠲᠠᠲᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠣᠶ ᠪᠣᠯᠭᠠᠵᠤ᠂ ᠡᠯ᠎ᠡ ᠠᠵᠤ ᠠᠬᠤᠶᠢᠯᠠᠯ ᠤᠨ ᠬᠢᠨ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠲᠡᠷᠢᠭᠦᠨ ᠤ ᠣᠶᠢᠯᠠᠭᠠᠭᠳᠠᠬᠤᠨ ᠳᠠᠭᠠᠨ ᠲᠦᠰᠢᠭᠯᠡᠵᠦ᠂ ᠤᠯᠤᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠬᠠᠮᠲᠤᠷᠠᠯᠴᠠᠭᠠᠨ ᠤ ᠬᠢᠯᠠᠰ ᠴᠡᠭ᠂ ᠭᠠᠷᠳᠠᠬᠤ ᠴᠡᠭ᠂ ᠲᠤᠰᠤᠯᠲᠠ ᠪᠠᠨ ᠣᠨᠣᠪᠴᠢᠲᠠᠢ ᠣᠯᠵᠤ᠂ ᠡᠨᠧᠷᠭᠢ ᠶᠢᠨ ᠬᠡᠯᠪᠡᠷᠢ ᠶᠢ ᠬᠤᠪᠢᠷᠠᠭᠤᠯᠬᠤ᠂ ᠠᠵᠤ ᠦᠢᠯᠡᠰ ᠤᠨ ᠬᠡᠯᠬᠢᠶ᠎ᠡ ᠶᠢ ᠰᠢᠯᠢᠳᠡᠭᠵᠢᠭᠦᠯᠬᠦ ᠲᠠᠯ᠎ᠠ ᠪᠠᠷ ᠨᠡᠩ ᠤᠯᠠᠨ ᠰᠠᠶᠢᠨ ᠲᠦᠷᠦᠯ ᠵᠦᠢᠯ ᠢ ᠡᠭᠦᠳᠬᠦ ᠶᠢ ᠬᠦᠰᠡᠵᠦ ᠪᠠᠶᠢᠨ᠎ᠠ ᠭᠡᠵᠦ ᠬᠡᠯᠡᠪᠡ᠃ ᠬᠠᠶᠢᠨᠠᠨ ᠲᠣᠭᠤᠷᠢᠭ ᠤᠨ ᠬᠢᠨ ᠠᠵᠤ ᠠᠬᠤᠶᠢᠯᠠᠯ ᠤᠨ ᠬᠡᠷᠡᠭᠴᠡᠭᠡ ᠳᠤ ᠤᠯᠠᠮ ᠨᠢᠭᠡ ᠠᠯᠬᠤᠮ ᠠᠩᠬᠠᠷᠤᠯ ᠢᠶᠠᠨ ᠲᠥᠪᠯᠡᠷᠡᠭᠦᠯᠵᠦ᠂ ︽ᠴᠡᠭ ᠠᠴᠠ ᠴᠡᠭ ᠲᠤ ᠬᠦᠷᠬᠦ︾᠂ ︽ᠨᠢᠭᠡ ᠳᠤ ᠨᠢᠭᠡ ᠶᠢ ᠬᠠᠷᠭᠤᠭᠤᠯᠬᠤ︾ ᠪᠠᠷ ᠦᠢᠯᠡᠴᠢᠯᠡᠭᠡ ᠪᠠ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠳᠣᠲᠣᠨᠣ ᠴᠢᠬᠡᠴᠢ ᠨᠢᠭᠡᠳᠦᠯᠲᠡᠶ ᠰᠢᠨ᠎ᠡ ᠬᠡᠯᠪᠡᠷᠢ ᠶᠢᠨ ᠵᠠᠰᠠᠭ ᠬᠤᠳᠠᠯᠳᠤᠭᠠᠨ ᠤ ᠬᠠᠷᠢᠴᠠᠭ᠎ᠠ ᠶᠢ ᠪᠠᠶᠢᠭᠤᠯᠤᠨ᠎ᠠ᠃ ᠡᠯ᠎ᠡ ᠠᠵᠤ ᠠᠬᠤᠶᠢᠯᠠᠯᠲᠠᠳ᠂ ᠬᠠᠶᠢᠨᠠᠨ ᠲᠣᠭᠤᠷᠢᠭ ᠤᠨ ᠠᠵᠤ ᠦᠢᠯᠡᠰ ᠤᠨ ᠪᠦᠷᠢᠨ ᠪᠦᠲᠦᠨ ᠬᠡᠯᠬᠢᠶ᠎ᠡ ᠪᠣᠯᠤᠨ ᠰᠠᠶᠢᠨ ᠰᠠᠶᠢᠬᠠᠨ ᠠᠵᠤ ᠦᠢᠯᠡᠰ ᠤᠨ ᠢᠵᠢ ᠪᠦᠷᠢᠳᠦᠭᠦᠯᠬᠦ ᠰᠠᠭᠤᠷᠢ ᠲᠠᠢ ᠪᠠᠶᠢᠵᠤ᠂ ᠳᠤᠷᠠᠲᠠᠶ᠎ᠠ ᠠᠵᠤ ᠠᠬᠤᠶᠢᠯᠠᠯ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠠᠶᠢᠨᠠᠨ ᠲᠣᠭᠤᠷᠢᠭ ᠯᠤᠭ᠎ᠠ ᠶᠢᠨ ᠨᠡᠪᠲᠡᠷᠡᠯᠴᠡᠭᠡ ᠪᠠᠨ ᠦᠷᠭᠦᠯᠵᠢᠯᠡᠨ ᠴᠢᠩᠭᠠᠳᠬᠠᠵᠤ᠂ ᠲᠥᠷᠥᠯ ᠵᠦᠢᠯ ᠢ ᠨᠠᠶᠢᠳᠠᠪᠤᠷᠢᠵᠢᠭᠤᠯᠤᠨ ᠪᠥᠲᠥᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠤᠨ᠎ᠠ ᠭᠡᠵᠦ ᠢᠯᠡᠳᠬᠡᠪᠡ᠃ ᠳᠠᠷᠠᠭᠠᠴᠢ ᠶᠢᠨ ᠠᠯᠬᠤᠮ ᠳᠤ᠂ ᠬᠠᠶᠢᠨᠠᠨ ᠲᠣᠭᠤᠷᠢᠭ ᠤᠨ ᠬᠢᠨ ᠦᠷᠭᠦᠯᠵᠢᠯᠡᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠰᠢᠨ᠎ᠡ ᠬᠥᠳᠡᠯᠭᠡᠭᠦᠷ ᠢ ᠴᠢᠷᠮᠠᠶᠢᠨ ᠪᠠᠶᠢᠭᠤᠯᠵᠤ᠂ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠤᠢ ᠪᠣᠯᠭᠠᠵᠤ᠂ ᠤᠯᠠᠨ ᠡᠰᠢᠴᠢᠯᠡᠭᠰᠡᠨ ᠠᠷᠠᠯᠵᠢᠶᠠᠴᠢᠨ ᠤᠷᠢᠬᠤ ᠠᠷᠭ᠎ᠠ ᠬᠡᠯᠪᠡᠷᠢ ᠪᠠᠷ ᠬᠥᠭᠵᠢᠭᠰᠡᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢᠨ ᠲᠦᠷᠦᠯ ᠵᠦᠢᠯ ᠢ ᠢᠳᠡᠪᠬᠢᠲᠡᠢ ᠵᠣᠯᠭᠠᠭᠤᠯᠵᠤ᠂ ᠨᠡᠩ ᠤᠯᠠᠨ ᠠᠵᠤ ᠠᠬᠤᠶᠢᠯᠠᠯ ᠤᠨ ᠪᠡᠯᠡ ᠣᠷᠣᠭᠤᠯᠵᠤ ᠦᠢᠯᠡᠰ ᠪᠤᠰᠬᠠᠬᠤ ᠶᠢ ᠴᠢᠷᠮᠠᠶᠢᠨ ᠠᠬᠢᠭᠤᠯᠵᠤ᠂ ᠬᠥᠭᠵᠢᠯᠲᠡ ᠶᠢ ᠬᠠᠮᠲᠤᠪᠠᠷ ᠰᠦᠪᠡᠭᠴᠢᠯᠡᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号