ᠪᠠᠶᠠᠨᠲᠤᠬᠤᠢ ᠪᠠᠯᠭᠠᠰᠤ ᠶᠢᠨ ᠸᠠᠨ ᠮᠦ ᠲᠠᠨ ᠲᠣᠰᠬᠤᠨ ᠤ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠶᠢᠨ ᠬᠤᠷᠠᠯ ᠢ ᠥᠷᠨᠢᠭᠦᠯᠪᠡ
ᠨᠡᠶᠢᠲᠡᠯᠡᠭᠰᠡᠨ ᠴᠠᠭ᠄
2024/8/6
      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ  ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠭᠡᠵᠦ᠂ ᠬᠠᠮᠲᠣ ᠶᠢᠨ  ᠲᠠᠨᠢᠯᠲᠠ ᠪᠠᠨ ᠨᠢᠭᠡᠲᠡᠷᠡᠭᠤᠯᠬᠤ ᠶᠢᠨ ᠲᠥᠯᠥᠭᠡ᠂ 8 ᠰᠠᠷ᠎ᠠ ᠶᠢᠨ 5 ᠤ ᠡᠳᠦᠷ᠂ ᠸᠠᠨ ᠮᠦ ᠲᠠᠨ ᠲᠣᠰᠬᠤᠨ ᠤ ︽ᠬᠤᠶᠠᠷ ᠵᠥᠪᠯᠡᠯ︾ ᠪᠣᠯᠤᠨ ᠬᠡᠰᠡᠭ ᠨᠠᠮ  ᠤᠨ  ᠭᠡᠰᠢᠭᠦᠨ ᠲᠡᠭᠡᠨ ᠰᠤᠷᠤᠯᠴᠠᠯᠭ᠎ᠠ ᠶᠢᠨ ᠬᠤᠷᠠᠯ ᠥᠷᠨᠢᠭᠦᠯᠵᠦ᠂  ᠲᠡᠭᠦᠨ ᠤ ᠵᠣᠷᠢᠯᠭ᠎ᠠ ᠪᠠᠨ ᠲᠥᠪᠯᠡᠷᠡᠭᠦᠯᠦᠨ ᠰᠤᠷᠤᠯᠴᠠᠬᠤ ᠪᠠ ᠭᠦᠨᠵᠡᠭᠡᠢ  ᠶᠠᠷᠢᠯᠴᠠᠬᠤ ᠪᠠᠷ ᠳᠠᠮᠵᠢᠨ᠂ ᠲᠣᠰᠬᠤᠨ  ᠤ ︽ᠬᠤᠶᠠᠷ ᠵᠥᠪᠯᠡᠯ︾ ᠪᠣᠯᠤᠨ ᠨᠠᠮ  ᠤᠨ ᠭᠡᠰᠢᠭᠦᠨ ᠤ ᠬᠤᠷᠠᠯ ᠤᠨ ᠨᠠᠮ ᠤᠨ ᠬᠤᠷᠢᠳᠤᠭᠠᠷ  ᠬᠤᠭᠤᠴᠠᠭᠠᠨ ᠤ ᠲᠥᠪ  ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤ ᠵᠣᠷᠢᠭ ᠰᠠᠨᠠᠭ᠎ᠠ ᠶᠢ ᠭᠦᠨᠵᠡᠭᠡᠢ  ᠣᠶᠢᠯᠠᠭᠠᠬᠤ ᠶᠢ ᠬᠦᠳᠦᠯᠦᠨ ᠵᠢᠯᠣᠭᠤᠳᠴᠤ᠂ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠢᠷᠡᠭᠦᠯᠬᠦ ᠭᠤᠣᠯ ᠰᠡᠳᠦᠪ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ ᠪᠣᠯᠤᠨ ᠦᠨᠳᠦᠰᠦᠨ ᠪᠠᠲᠤᠯᠠᠭ᠎ᠠ ᠶᠢ ᠣᠨᠣᠪᠴᠢᠲᠠᠢ ᠡᠵᠡᠮᠳᠡᠵᠦ᠂ ᠬᠤᠷᠠᠯ ᠤᠨ ᠵᠣᠷᠢᠭ ᠰᠠᠨᠠᠭ᠎ᠠ ᠦᠨᠡᠨ ᠬᠦ ᠸᠠᠨ ᠮᠦ ᠲᠠᠨ ᠲᠣᠰᠬᠤᠨ ᠤ ᠪᠦᠳᠦᠭᠡᠨ ᠪᠠᠶᠢᠭᠤᠯᠤᠯᠲᠠ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃      ᠰᠤᠷᠤᠯᠴᠠᠯᠭ᠎ᠠ ᠶᠢᠨ ᠬᠤᠷᠠᠯ ᠢ ᠲᠣᠰᠬᠤᠨ ᠤ ᠨᠠᠮ ᠤᠨ ᠶᠡᠷᠦᠩᠬᠡᠢ ᠡᠭᠦᠷ ᠤᠨ ᠱᠦᠵᠢ ᠳ᠋ᠤᠸᠠᠨ ᠾᠧ ᠫᠢᠩ ᠡᠷᠬᠢᠯᠡᠵᠦ᠂ ᠲᠡᠷᠡ ᠤᠯᠠᠨ ᠢ ᠳᠠᠭᠠᠭᠤᠯᠤᠨ ᠬᠠᠮᠲᠤᠪᠠᠷ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ︾ ᠶᠢ ᠨᠠᠷᠢᠨ ᠬᠢᠨᠠᠮᠠᠭᠠᠢ ᠰᠤᠷᠤᠯᠴᠠᠪᠠ᠃ ᠰᠤᠷᠤᠯᠴᠠᠬᠤ ᠶᠠᠪᠤᠴᠠ ᠳᠤ᠂ ᠳ᠋ᠤᠸᠠᠨ ᠱᠦᠵᠢ ᠣᠶᠢᠯᠠᠭᠠᠮᠵᠢᠲᠠᠢ ᠦᠭᠡ ᠬᠡᠯᠡ ᠪᠠᠷ ᠥᠪᠡᠷ ᠤᠨ ᠰᠣᠷᠣᠭᠰᠠᠨ ᠤᠬᠠᠭᠰᠠᠨ ᠲᠠᠢ ᠪᠠᠨ ᠤᠶᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠨᠠᠰᠢᠬᠢ ᠨᠠᠮ ᠪᠣᠯᠣᠨ ᠤᠯᠤᠰ ᠤᠨ ᠠᠵᠢᠯ ᠦᠢᠯᠡᠰ ᠤᠨ ᠣᠯᠣᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠶᠢ ᠭᠦᠨᠵᠡᠭᠡᠢ ᠲᠠᠨᠢᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠴᠢᠬᠤᠯᠠ ᠶᠡᠭᠡ ᠴᠠᠭ ᠦᠶ᠎ᠡ ᠶᠢᠨ ᠠᠴᠢ ᠬᠤᠯᠪᠣᠭᠳᠠᠯ ᠪᠣᠯᠣᠨ ᠠᠯᠤᠰ ᠬᠡᠲᠦ ᠶᠢᠨ ᠲᠡᠦᠬᠡᠨ ᠨᠥᠯᠥᠭᠡ ᠶᠢ ᠭᠦᠨᠵᠡᠭᠡᠢ ᠲᠠᠨᠢᠵᠤ᠂ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠪᠣᠯᠣᠨ ᠶᠡᠷᠦᠩᠬᠡᠢ ᠱᠠᠭᠠᠷᠳᠠᠯᠭ᠎ᠠ ᠵᠡᠷᠭᠡ ᠲᠠᠯ᠎ᠠ ᠪᠠᠷ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠳᠤ ᠭᠦᠨᠵᠡᠭᠡᠢ ᠲᠠᠶᠢᠯᠤᠮᠵᠢ ᠬᠢᠵᠡᠢ᠃      ᠰᠤᠷᠤᠯᠴᠠᠯᠭ᠎ᠠ ᠶᠢᠨ ᠬᠤᠷᠠᠯ ᠲᠡᠭᠦᠰᠦᠭᠰᠡᠨ ᠤ ᠲᠠᠷᠠᠭ᠎ᠠ᠂ ᠲᠣᠰᠬᠤᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ᠂ ᠰᠣᠩᠭᠤᠨ ᠰᠢᠯᠵᠢᠭᠦᠯᠦᠭᠰᠡᠨ ᠰᠣᠷᠣᠭᠴᠢ᠂ ᠰᠦᠯᠵᠢᠶᠡᠨ ᠤ ᠠᠵᠢᠯᠲᠠᠨ ᠲᠠᠷᠢᠶᠠᠯᠠᠩ ᠤᠨ ᠵᠢᠵᠢᠭ ᠠᠭᠤᠳᠠᠮ ᠲᠠᠯᠠᠪᠠᠢ᠂ ᠲᠠᠷᠢᠶᠠᠨ ᠭᠠᠵᠠᠷ ᠵᠢᠴᠢ ᠲᠣᠰᠬᠤᠨ ᠤ ᠠᠷᠠᠳ ᠤᠨ ᠭᠡᠷ ᠲᠤ ᠬᠦᠷᠴᠦ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠦᠭᠡ ᠥᠭᠦᠯᠡᠪᠦᠷᠢ ᠳᠠᠷᠠᠭᠠᠯᠠᠨ ᠨᠠᠮ ᠤᠨ ᠭᠡᠰᠢᠭᠦᠨ ᠤᠯᠠᠨ ᠲᠦᠮᠡᠨ ᠳᠤ ᠳᠠᠮᠵᠢᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠡᠭᠡᠯ ᠠᠷᠠᠳ ᠤᠨ ᠭᠡᠷ ᠲᠤ ᠬᠦᠷᠭᠡᠪᠡ᠃      ᠳᠠᠷᠠᠭᠠᠴᠢ ᠶᠢᠨ ᠠᠯᠬᠤᠮ ᠳᠤ᠂ ᠸᠠᠨ ᠮᠦ ᠲᠠᠨ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠨᠢ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠭᠤᠣᠯᠳᠠᠯᠭ᠎ᠠ ᠲᠠᠢ ᠠᠵᠢᠯ ᠤᠨ ᠡᠭᠦᠷᠭᠡ ᠪᠣᠯᠭᠠᠵᠤ᠂ ᠵᠣᠷᠢᠭ ᠰᠠᠨᠠᠭ᠎ᠠ ᠶᠢ ᠣᠶᠢᠯᠠᠭᠠᠬᠤ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠴᠢᠩᠭᠠᠳᠬᠠᠵᠤ᠂ ᠰᠤᠷᠤᠯᠴᠠᠯᠭ᠎ᠠ ᠶᠢᠨ ᠳᠤᠮᠳᠠ ᠠᠭᠤᠯᠤᠭᠳᠠᠬᠤᠨ ᠢ ᠦᠷᠭᠦᠯᠵᠢᠯᠡᠨ ᠣᠶᠢᠯᠠᠭᠠᠵᠤ᠂ ᠤᠬᠠᠭᠤᠯᠭ᠎ᠠ ᠶᠢᠨ ᠳᠤᠮᠳᠠ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠲᠤᠤᠱᠯᠠᠭᠤᠯᠬᠤ ᠳᠤᠮᠳᠠ ᠪᠣᠳᠠᠲᠤ ᠦᠷ᠎ᠡ ᠪᠦᠲᠦᠮᠵᠢ ᠶᠢ ᠡᠷᠢᠯᠬᠢᠯᠡᠵᠦ᠂ ᠨᠠᠮ ᠤᠨ ᠤᠨᠤᠯ ᠤᠨ ᠤᠷᠢᠬᠠᠨ ᠰᠠᠯᠬᠢ ᠪᠣᠷᠣᠭᠠᠨ ᠢ ᠨᠠᠮᠳᠠᠭᠤᠯᠬᠤ ᠪᠠᠷ ᠬᠦᠴᠦᠯᠡᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠨ ᠲᠦᠮᠡᠨ ᠤ ᠳᠤᠮᠳᠠ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠪᠣᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号