ᠪᠠᠶᠠᠨᠲᠤᠬᠤᠢ ᠪᠠᠯᠭᠠᠰᠤ ᠶᠢᠨ ᠰᠧ ᠰᠢᠨ ᠲᠣᠰᠬᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠤᠬᠠᠭᠤᠯᠤᠨ ᠲᠠᠶᠢᠯᠪᠤᠷᠢᠯᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/6
      ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦ ᠲᠣᠰᠬᠤᠨ ᠤ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 8 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠪᠠᠶᠠᠨᠲᠤᠬᠤᠢ ᠪᠠᠯᠭᠠᠰᠤᠨ ᠤ ᠰᠧ ᠰᠢᠨ ᠲᠣᠰᠬᠤᠨ ᠤ ᠨᠠᠮ ᠤᠨ ᠶᠡᠷᠦᠩᠬᠡᠢ ᠡᠭᠦᠷ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠬᠠᠭᠤᠯᠤᠨ ᠲᠠᠶᠢᠯᠪᠤᠷᠢᠯᠠᠬᠤ ᠬᠤᠷᠠᠯ ᠬᠤᠷᠠᠯᠳᠤᠭᠤᠯᠵᠤ᠂ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ︾ ᠶᠢ ᠲᠥᠪᠯᠡᠷᠡᠭᠦᠯᠦᠨ ᠰᠤᠷᠤᠯᠴᠠᠪᠠ᠃      ᠬᠤᠷᠠᠯ ᠳᠡᠭᠡᠷ᠎ᠡ᠂ ᠰᠧ ᠰᠢᠨ ᠲᠣᠰᠬᠤᠨ ᠤ ᠨᠠᠮ ᠤᠨ ᠶᠡᠷᠦᠩᠬᠡᠢ ᠡᠭᠦᠷ ᠤᠨ ᠱᠦᠵᠢ ᠯᠢᠦ ᠮᠢᠩ ᠢ ᠨᠥᠬᠦᠷ ᠪᠦᠬᠦ ᠵᠣᠬᠢᠶᠠᠯ ᠢᠶᠠᠷ ᠳᠠᠭᠠᠭᠤᠯᠤᠨ ᠤᠩᠰᠢᠬᠤ ᠬᠡᠯᠪᠡᠷᠢ ᠪᠠᠷ ᠤᠯᠠᠨ ᠢ ᠳᠠᠭᠠᠭᠤᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ︾ ᠶᠢᠨ ᠴᠢᠬᠤᠯᠠ ᠠᠭᠤᠯᠭ᠎ᠠ ᠶᠢ ᠬᠠᠮᠲᠤᠪᠠᠷ ᠰᠤᠷᠤᠯᠴᠠᠪᠠ᠃ ᠲᠡᠷᠡ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠂ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠭᠤᠣᠯ ᠰᠡᠳᠦᠪ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ ᠪᠠ ᠦᠨᠳᠦᠰᠦᠨ ᠪᠠᠲᠤᠯᠠᠭ᠎ᠠ ᠪᠣᠯᠭᠠᠬᠤ ᠬᠡᠷᠡᠭᠲᠡᠢ᠃ ᠤᠯᠠᠨ ᠢᠶᠠᠷ ᠢᠶᠠᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠰᠧ ᠰᠢᠨ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠳᠦᠯᠭᠡ ᠶᠢᠨ ᠳᠤᠮᠳᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠬᠠᠯᠠᠭᠤᠨ ᠢᠶᠠᠷ ᠶᠠᠷᠢᠯᠴᠠᠪᠠ᠃    ᠳᠠᠷᠠᠭᠠᠴᠢ ᠶᠢᠨ ᠠᠯᠬᠤᠮ ᠳᠤ᠂ ᠰᠧ ᠰᠢᠨ ᠲᠣᠰᠬᠤᠨ ᠲᠣᠰᠬᠤᠨ ᠤ ᠪᠠᠶᠢᠳᠠᠯ ᠲᠠᠢ ᠪᠠᠨ ᠤᠶᠠᠯᠳᠤᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠠᠵᠢᠯᠯᠠᠬᠤ︾ ᠰᠤᠷᠲᠠᠯ᠂ ︽ᠰᠢᠪᠲᠤᠯᠬᠤ︾ ᠡᠷᠴᠢ ᠵᠣᠷᠢᠭ᠂ ︽ᠪᠣᠳᠠᠲᠠᠢ︾ ᠶᠠᠰᠤ ᠴᠢᠨᠠᠷ ᠦᠷ᠎ᠡ ᠠᠰᠢᠭ ᠢᠶᠠᠷ ᠰᠡᠳᠬᠢᠯ ᠲᠠᠯᠪᠢᠨ᠎ᠠ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号