ᠪᠠᠶᠠᠨᠲᠣᠬᠤᠶ ᠪᠠᠯᠭᠠᠰᠤᠨ ᠤ ᠳ᠋ᠦ᠋ ᠺᠸᠦ ᠲᠣᠰᠬᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/6
      ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠰᠠᠶᠢᠨ ᠰᠠᠶᠢᠬᠠᠨ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠬᠤ ᠶᠢᠨ ᠲᠥᠯᠥᠭᠡ᠂ 8 ᠰᠠᠷ᠎ᠠ ᠶᠢᠨ 5 ᠤ ᠡᠳᠦᠷ᠂ ᠪᠠᠶᠠᠨᠲᠣᠬᠤᠶ ᠪᠠᠯᠭᠠᠰᠤᠨ ᠤ ᠳ᠋ᠦ᠋ ᠺᠸᠦ ᠲᠣᠰᠬᠤᠨ ᠰᠤᠷᠤᠯᠴᠠᠯᠭ᠎ᠠ ᠶᠢᠨ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠲᠣᠰᠬᠤᠨ ᠤ ︽ᠭᠤᠷᠪᠠᠨ ᠵᠥᠪᠯᠡᠯ︾᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠪᠦᠷᠢᠯᠳᠦᠬᠦᠨ ᠰᠤᠷᠤᠯᠴᠠᠯᠭ᠎ᠠ ᠳᠤ ᠣᠷᠣᠯᠴᠠᠪᠠ᠃      ᠳ᠋ᠦ᠋ ᠺᠧᠦ ᠲᠣᠰᠬᠤᠨ ᠤ ᠨᠠᠮ ᠤᠨ ᠬᠤᠷᠢᠶᠠᠨ ᠤ ᠱᠦᠵᠢ ᠸᠠᠩ ᠰᠦᠸᠧ ᠫᠢᠩ ᠬᠤᠷᠠᠯ ᠢ ᠡᠷᠭᠢᠯᠡᠭᠰᠡᠨ ᠪᠥᠭᠡᠳ ᠣᠯᠠᠨ ᠢ ᠳᠠᠭᠠᠭᠤᠯᠤᠨ ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠠᠯᠪᠠᠨ ᠮᠡᠳᠡᠭᠡ︾ ᠶᠢᠨ ᠠᠭᠤᠯᠭ᠎ᠠ ᠶᠢ ᠲᠡᠷᠡ ᠬᠡᠪ ᠢᠶᠠᠷ ᠨᠢ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠪᠠ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠡᠷᠭᠡ ᠲᠠᠯ᠎ᠠ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠤᠶᠠᠯᠳᠤᠭᠤᠯᠤᠨ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠣᠶᠢᠯᠠᠭᠠᠵᠤ᠂ ᠳ᠋ᠦ᠋ ᠺᠸᠦ ᠲᠣᠰᠬᠤᠨ ᠤ ᠠᠵᠢᠯ ᠤᠨ ᠳᠤᠮᠳᠠᠬᠢ ᠭᠤᠤᠯᠳᠠᠯᠭ᠎ᠠ ᠲᠠᠢ ᠬᠦᠴᠢᠷ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠰᠤᠳᠤᠯᠤᠨ ᠶᠠᠷᠢᠯᠴᠠᠬᠤ ᠠᠷᠭ᠎ᠠ ᠮᠠᠶ᠋ᠢᠭ ᠢᠶᠠᠷ ᠭᠦᠨᠵᠡᠭᠡᠶ ᠰᠤᠷᠤᠯᠴᠠᠵᠤ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠳ᠋ᠦ᠋ ᠺᠸᠦ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠦᠨᠡᠨ ᠬᠦ ᠬᠤᠪᠢᠷᠠᠭᠤᠯᠪᠠ᠃      ᠵᠠᠯᠭᠠᠭᠠᠳ ᠳ᠋ᠦ᠋ ᠺᠸᠦ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶ᠋ᠯᠡᠳᠦᠯᠭᠡ ᠶᠢᠨ ᠥᠷᠲᠡᠭᠡ ᠪᠠᠰᠠ ᠲᠣᠰᠬᠤᠨ ᠤ ᠱᠠᠲᠤᠨ ᠤ ᠷᠠᠳᠢᠣ᠋ ᠨᠡᠪᠲᠡᠷᠡᠭᠦᠯᠭᠡ᠂ ᠤᠬᠠᠭᠤᠯᠭ᠎ᠠ ᠶᠢᠨ ᠪᠤᠯᠤᠩ᠂ ᠸᠢᠴᠠᠲ ᠤᠨ ᠴᠤᠭᠯᠠᠷᠠᠯ ᠵᠡᠷᠭᠡ ᠣᠯᠠᠨ ᠵᠦᠶ᠋ᠯ ᠤᠨ ᠠᠷᠭ᠎ᠠ ᠵᠠᠮ ᠢ ᠠᠰᠢᠭᠯᠠᠨ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠥᠷᠭᠡᠨ ᠢᠶᠠᠷ ᠤᠬᠠᠭᠤᠯᠵᠤ᠂ ᠡᠷᠦᠬᠡ ᠪᠣᠯᠭᠠᠨ ᠳᠤ ᠮᠡᠳᠡᠭᠦᠯᠵᠦ᠂ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠦᠨᠡᠨ ᠬᠦ ᠪᠠᠲᠤᠯᠠᠨ᠎ᠠ᠃ ᠤᠯᠠᠨ ᠬᠡᠯᠪᠡᠷᠢ ᠶᠢᠨ ᠰᠤᠷᠤᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠢᠢᠯᠠᠭᠠᠭᠤᠯᠬᠤ ᠶᠢᠨ ᠬᠠᠮᠲᠤ ᠡᠯ᠎ᠡ ᠵᠦᠢᠯ ᠤᠨ ᠠᠵᠢᠯ ᠤᠨ ᠰᠢᠨ᠎ᠡ ᠠᠬᠢᠴᠠ ᠲᠠᠢ ᠪᠣᠯᠬᠤ ᠶᠢ ᠲᠠᠰᠤᠷᠠᠯᠳᠠ ᠦᠭᠡᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠠᠮᠲᠤᠪᠠᠷ ᠴᠢᠨᠡᠭᠡᠯᠢᠭᠵᠢᠬᠦ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号