ᠢᠦᠢ ᡁᠢ ᠶᠦᠩ ᠬᠠᠶᠢᠨᠠᠨ ᠲᠣᠭᠤᠷᠢᠭ ᠤᠨ ᠨᠠᠮ ᠤᠨ ᠭᠠᠳᠠᠨᠠᠬᠢ ᠬᠥᠮᠦᠰ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠦᠰ ᠤᠨ ᠶᠠᠷᠢᠯᠴᠠᠬᠤ ᠬᠤᠷᠠᠯ ᠵᠢᠴᠢ 2024 ᠣᠨ ᠤ ᠬᠠᠭᠠᠰ ᠵᠢᠯ ᠤᠨ ᠠᠵᠤ ᠠᠬᠤᠢ ᠶᠢᠨ ᠪᠠᠶᠢᠳᠠᠯ ᠤᠨ ᠮᠡᠳᠡᠭᠳᠡᠯ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/6
      8 ᠰᠠᠷ᠎ᠠ ᠶᠢᠨ 5 ᠤ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠢᠦᠢ ᡁᠢ ᠶᠦᠩ ᠬᠠᠶᠢᠨᠠᠨ ᠲᠣᠭᠤᠷᠢᠭ ᠤᠨ ᠨᠠᠮ ᠤᠨ ᠭᠠᠳᠠᠨᠠᠬᠢ ᠬᠥᠮᠦᠰ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠦᠰ ᠤᠨ ᠶᠠᠷᠢᠯᠴᠠᠬᠤ ᠬᠤᠷᠠᠯ ᠵᠢᠴᠢ 2024 ᠣᠨ ᠤ ᠬᠠᠭᠠᠰ ᠵᠢᠯ ᠤᠨ ᠠᠵᠤ ᠠᠬᠤᠢ ᠶᠢᠨ ᠪᠠᠶᠢᠳᠠᠯ ᠤᠨ ᠮᠡᠳᠡᠭᠳᠡᠬᠦ ᠬᠤᠷᠠᠯ ᠢ ᠡᠷᠬᠢᠯᠡᠨ ᠬᠤᠷᠠᠯᠳᠤᠭᠤᠯᠪᠠ᠃ ᠲᠣᠭᠤᠷᠢᠭ ᠤᠨ ᠤᠳᠤᠷᠢᠳᠤᠯᠭ᠎ᠠ ᠯᠢ ᠰᠢᠶᠤᠤ ᠴᠢᠩ᠂ ᠱᠢ ᠯᠢ ᠴᠢᠶᠠᠩ᠂ ᠭᠧᠩ ᡁᠢ᠂ ᠶᠦᠨ ᠰᠢᠶᠤᠤ ᠵᠢᠶᠦ᠋ᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ᠂ ᠨᠠᠮ ᠤᠨ ᠲᠥᠪ ᠬᠤᠷᠢᠶᠠᠨ ᠤ ᠨᠠᠮ ᠤᠨ ᠭᠠᠳᠠᠨᠠᠬᠢ ᠬᠥᠮᠦᠰ ᠤᠨ ᠶᠠᠷᠢᠯᠴᠠᠬᠤ ᠬᠤᠷᠠᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠦᠬᠦᠳᠡ ᠬᠤᠷᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠭᠠᠳᠠᠨᠠᠬᠢ ᠬᠥᠮᠦᠰ ᠤᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠶᠢᠨᠠᠨ ᠲᠣᠭᠤᠷᠢᠭ ᠤᠨ 2024 ᠣᠨ ᠤ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠮᠡᠳᠡᠭᠳᠡᠵᠦ᠂ ᠨᠠᠮ ᠪᠦᠯᠦᠭ ᠤᠨ ᠪᠤᠰᠤ ᠬᠥᠮᠦᠰ᠂ ᠡᠯ᠎ᠡ ᠠᠷᠠᠳᠴᠢᠯᠠᠭᠰᠠᠨ ᠨᠠᠮ ᠪᠦᠯᠦᠭ᠂ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠦᠰ ᠤᠨ ᠲᠥᠯᠥᠭᠡᠯᠡᠭᠴᠢ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ 2024 ᠣᠨ ᠤ ᠪᠦᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠤᠨ ᠲᠣᠭᠤᠷᠢᠨ ᠳᠤ ᠶᠠᠷᠢᠶ᠎ᠠ ᠲᠠᠯᠪᠢᠵᠠᠢ᠃ ᠢᠦᠢ ᡁᠢ ᠶᠦᠩ ᠲᠣᠭᠤᠷᠢᠭ ᠤᠨ ᠨᠠᠮ ᠤᠨ ᠬᠤᠷᠢᠶ᠎ᠠ ᠶᠢ ᠲᠥᠯᠥᠭᠡᠯᠡᠨ ᠨᠠᠮ ᠪᠦᠯᠦᠭ ᠤᠨ ᠪᠤᠰᠤ ᠬᠥᠮᠦᠰ᠂ ᠡᠯ᠎ᠡ ᠠᠷᠠᠳᠴᠢᠯᠠᠭᠰᠠᠨ ᠨᠠᠮ ᠪᠦᠯᠦᠭ᠂ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠦᠰ ᠤᠨ ᠬᠦᠴᠦᠲᠡᠢ ᠳᠡᠮᠵᠢᠯᠭᠡ ᠪᠠ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ︕ ᠲᠡᠷᠡ᠂ ᠣᠯᠠᠨ ᠤ ᠰᠠᠨᠠᠯ ᠰᠠᠨᠠᠭᠤᠯᠭ᠎ᠠ ᠪᠠ ᠬᠦᠴᠢᠷᠳᠡᠯ ᠲᠠᠢ ᠠᠰᠠᠭᠤᠳᠠᠯ ᠤᠨ ᠲᠤᠬᠠᠶ ᠪᠢᠳᠡ ᠨᠠᠷᠢᠨ ᠬᠢᠨᠠᠮᠠᠭᠠᠶ ᠡᠮᠬᠢᠯᠡᠨ ᠰᠤᠳᠤᠯᠵᠤ᠂ ᠰᠠᠨᠠᠯ ᠰᠠᠨᠠᠭᠤᠯᠭ᠎ᠠ ᠶᠢ ᠦᠨᠡᠨ ᠬᠦ ᠡᠯ᠎ᠡ ᠵᠦᠢᠯ ᠤᠨ ᠠᠵᠢᠯ ᠤᠨ ᠬᠥᠭᠵᠢᠯᠲᠡ ᠶᠢ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ ᠪᠠ ᠪᠣᠳᠠᠲᠠᠶ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠬᠠᠷᠢᠶ᠎ᠠ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠦᠴᠢᠷᠳᠡᠯ ᠢ ᠦᠨᠡᠨ ᠬᠦ ᠰᠢᠢᠳᠪᠦᠷᠢᠯᠡᠵᠦ ᠥᠭᠭᠦᠨ᠎ᠡ ᠭᠡᠪᠡ᠃      ᠢᠦᠢ ᡁᠢ ᠶᠦᠩ ᠬᠡᠯᠡᠭᠰᠡᠨ ᠨᠢ᠂ ᠣᠳᠣᠬᠠᠨ ᠳᠤ᠂ ᠬᠠᠶᠢᠨᠠᠨ ᠲᠣᠭᠤᠷᠢᠭ ᠤᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠨᠢ ᠶᠠᠭ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠡᠭᠦᠨ ᠤ ᠬᠠᠮᠲᠤ ᠬᠡᠯᠪᠡᠷᠢ ᠪᠠᠨ ᠬᠤᠪᠢᠷᠠᠭᠤᠯᠬᠤ ᠵᠠᠩᠭᠢᠯᠠᠭ᠎ᠠ ᠶᠢᠨ ᠬᠤᠭᠤᠴᠠᠭ᠎ᠠ ᠶᠢ ᠥᠩᠭᠡᠷᠡᠭᠡᠵᠦ ᠪᠠᠶᠢᠨ᠎ᠠ᠂ ᠤᠯᠠᠨ ᠢᠶᠠᠷ ᠢᠶᠠᠨ ᠥᠭᠡᠷᠡᠴᠢᠯᠡᠯᠲᠡ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠣᠷᠣᠯᠴᠠᠭᠴᠢ ᠪᠠ ᠬᠦᠴᠦᠲᠡᠢ ᠠᠬᠢᠭᠤᠯᠤᠭᠴᠢ ᠪᠣᠯᠬᠤ ᠶᠢ ᠬᠦᠰᠡᠵᠦ ᠪᠠᠶᠢᠨ᠎ᠠ᠃ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠤᠬᠠᠭᠤᠯᠤᠨ ᠲᠠᠶᠢᠯᠪᠤᠷᠢᠯᠠᠬᠤ ᠶᠢ ᠥᠷᠭᠡᠨ ᠢᠶᠠᠷ ᠥᠷᠨᠢᠭᠦᠯᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠲᠤᠰ ᠲᠤᠰ ᠤᠨ ᠣᠨᠴᠠᠯᠢᠭ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠲᠥᠪᠯᠡᠷᠡᠭᠦᠯᠵᠦ᠂ ᠨᠠᠮ ᠤᠨ ᠭᠠᠳᠠᠨᠠᠬᠢ ᠬᠥᠮᠦᠰ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠠᠶᠢᠨᠠᠨ ᠲᠣᠭᠤᠷᠢᠭ ᠤᠨ ᠰᠢᠨ᠎ᠡ ᠬᠠᠭᠤᠳᠠᠰᠤ ᠶᠢ ᠪᠢᠴᠢᠭᠯᠡᠬᠦ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠬᠤ ᠬᠡᠷᠡᠭᠲᠡᠢ᠃ ᠪᠣᠳᠠᠲᠠᠢ ᠠᠵᠢᠯᠯᠠᠵᠤ ᠦᠨᠡᠨᠴᠢ ᠰᠢᠳᠤᠷᠭᠤ ᠪᠠᠷ ᠬᠡᠷᠡᠭᠵᠢᠭᠦᠯᠬᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠠᠶᠢᠨᠠᠨ ᠤ ᠰᠢᠨ᠎ᠡ ᠦᠢᠯᠡᠳᠦᠯᠭᠡ ᠶᠢᠨ ᠠᠵᠢᠯᠯᠠᠭᠠᠨ ᠤ ᠪᠦᠯᠦᠭᠳᠡᠨ᠂ ᠪᠣᠳᠠᠲᠠᠢ ᠠᠵᠢᠯᠯᠠᠭᠴᠢ ᠪᠣᠯᠬᠤ ᠬᠡᠷᠡᠭᠲᠡᠢ᠃ ᠲᠤᠰ ᠲᠤᠰ ᠤᠨ ᠬᠦᠷᠢᠶᠡᠨ ᠤ ᠴᠢᠳᠠᠪᠤᠷᠢᠲᠠᠨ ᠴᠤᠭᠯᠠᠷᠠᠬᠤ᠂ ᠬᠠᠷᠢᠯᠴᠠᠭ᠎ᠠ ᠥᠷᠭᠡᠨ ᠳᠡᠯᠭᠡᠷ᠂ ᠠᠷᠭ᠎ᠠ ᠵᠠᠮ ᠰᠠᠭᠠᠳ ᠦᠭᠡᠢ ᠨᠡᠪᠲᠡᠷᠡᠬᠦ ᠵᠡᠷᠭᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠳᠤᠮᠳᠠ ᠤᠯᠠᠨ ᠤ ᠤᠶᠤᠨ ᠤᠬᠠᠭᠠᠨ ᠢ ᠲᠥᠪᠯᠡᠷᠡᠭᠦᠯᠵᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠳᠤᠮᠳᠠ ᠢᠳᠬᠠᠯ ᠰᠠᠨᠠᠭᠤᠯᠭ᠎ᠠ ᠳᠤᠷᠠᠳᠴᠤ᠂ ᠬᠥᠭᠵᠢᠯᠲᠡ ᠳᠤ ᠦᠢᠯᠡᠴᠢᠯᠡᠬᠦ ᠳᠤᠮᠳᠠ ᠰᠠᠶᠢᠨ ᠠᠷᠭ᠎ᠠ ᠪᠤᠳᠤᠯᠭ᠎ᠠ ᠳᠡᠪᠰᠢᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠳᠤᠷᠠᠳᠤᠭᠰᠠᠨ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠵᠡᠷᠭᠡ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠢ᠃ ᠪᠦᠯᠬᠦᠮᠳᠡᠨ ᠭᠠᠷ ᠬᠤᠯᠪᠣᠨ ᠲᠡᠮᠡᠴᠡᠵᠦ᠂ ᠨᠠᠮ ᠤᠨ ᠭᠠᠳᠠᠨᠠᠬᠢ ᠥᠨᠳᠥᠷ ᠬᠡᠪ ᠪᠣᠯᠪᠠᠰᠤᠷᠠᠯ ᠲᠠᠢ ᠬᠥᠮᠦᠰ ᠤᠨ ᠡᠩᠨᠡᠭᠡ ᠶᠢ ᠪᠠᠶᠢᠭᠤᠯᠬᠤ ᠪᠠᠷ ᠬᠠᠷᠠᠯᠲᠠ ᠪᠣᠯᠭᠠᠵᠤ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠴᠥᠬᠦᠷᠡᠰᠢ ᠦᠭᠡᠢ ᠪᠠᠶᠢᠩᠭᠤ ᠠᠳᠬᠤᠬᠤ ᠬᠡᠷᠡᠭᠲᠡᠢ᠃ ᠨᠢᠭᠡᠳᠦᠮᠡᠯ ᠹᠷᠣᠨᠲ ᠤᠨ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠤᠯᠤᠰ ᠲᠦᠷᠦ ᠶᠢᠨ ᠲᠠᠯ᠎ᠠ ᠪᠠᠷ ᠡᠷᠡᠰ ᠪᠠᠲᠤ ᠪᠠᠶᠢᠬᠤ ᠶᠢ ᠲᠡᠷᠢᠭᠦᠨ ᠴᠢᠬᠤᠯᠠ ᠪᠠᠷᠢᠮᠵᠢᠶ᠎ᠠ ᠪᠣᠯᠭᠠᠵᠤ᠂ ᠲᠦᠷᠢᠮ ᠤᠨ ᠪᠠᠶᠢᠭᠤᠯᠤᠯᠲᠠ ᠶᠢ ᠴᠢᠬᠤᠯᠠ ᠠᠭᠤᠯᠭ᠎ᠠ ᠪᠣᠯᠭᠠᠵᠤ᠂ ᠰᠤᠷᠲᠠᠯ ᠰᠢᠯᠢᠳᠡᠭ ᠪᠠᠶᠢᠬᠤ ᠪᠠᠷ ᠬᠠᠷᠠᠯᠲᠠ ᠱᠠᠭᠠᠷᠳᠠᠯᠭ᠎ᠠ ᠪᠣᠯᠭᠠᠵᠤ᠂ ᠤᠯᠤᠰ ᠲᠦᠷᠦ ᠶᠢᠨ ᠡᠵᠡᠮᠳᠡᠬᠦ ᠴᠢᠳᠠᠪᠤᠷᠢ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠴᠢᠳᠠᠪᠤᠷᠢ᠂ ᠵᠣᠬᠢᠶᠠᠨ ᠪᠠᠶᠢᠭᠤᠯᠵᠤ ᠤᠳᠤᠷᠢᠳᠬᠤ ᠴᠢᠳᠠᠪᠤᠷᠢ᠂ ᠬᠠᠮᠲᠤᠷᠠᠨ ᠠᠵᠢᠯᠯᠠᠬᠤ ᠴᠢᠳᠠᠪᠤᠷᠢ ᠪᠠ ᠲᠤᠰ ᠪᠡᠶ᠎ᠡ ᠶᠢᠨ ᠠᠰᠠᠭᠤᠳᠠᠯ ᠢᠶᠠᠨ ᠰᠢᠢᠳᠪᠦᠷᠢᠯᠡᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠵᠦ᠂ ᠢᠮᠠᠭᠲᠠ ᠳᠤᠮᠳᠠᠳᠤ ᠤᠯᠤᠰ ᠤᠨ ᠰᠢᠨ᠎ᠡ ᠬᠡᠯᠪᠡᠷᠢ ᠶᠢᠨ ᠲᠦᠷᠦ ᠶᠢᠨ ᠨᠠᠮ ᠤᠨ ᠪᠠᠶᠢᠭᠤᠯᠤᠯ ᠤᠨ ᠦᠢᠯᠡᠳᠦᠯᠭᠡᠵᠢᠭᠦᠯᠦᠭᠴᠢ᠂ ᠠᠬᠢᠭᠤᠯᠤᠭᠴᠢ᠂ ᠬᠠᠮᠠᠭᠠᠯᠠᠭᠴᠢ ᠪᠣᠯᠬᠤ ᠬᠡᠷᠡᠭᠲᠡᠢ᠃      ᠢᠦᠢ ᡁᠢ ᠶᠦᠩ ᠬᠡᠯᠡᠬᠦ ᠳᠡᠭᠡᠨ᠂ ᠲᠣᠭᠤᠷᠢᠭ ᠤᠨ ᠨᠠᠮ ᠤᠨ ᠬᠤᠷᠢᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠤᠯᠠᠨ ᠨᠠᠮ ᠤᠨ ᠬᠠᠮᠲᠤᠷᠠᠨ ᠠᠵᠢᠯᠯᠠᠬᠤ ᠪᠠ ᠤᠯᠤᠰ ᠲᠦᠷᠦ ᠶᠢᠨ ᠵᠥᠪᠯᠡᠯᠭᠡ ᠬᠢᠬᠦ ᠲᠦᠷᠢᠮ ᠢ ᠪᠠᠷᠢᠮᠲᠠᠯᠠᠨ ᠲᠡᠭᠦᠯᠳᠡᠷᠵᠢᠭᠦᠯᠵᠦ᠂ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠠ ᠨᠠᠮ ᠪᠦᠯᠦᠭ ᠤᠨ ᠪᠤᠰᠤ ᠬᠥᠮᠦᠰ ᠤᠨ ᠡᠭᠦᠷᠭᠡ ᠴᠢᠳᠠᠪᠬᠢ ᠪᠠᠨ ᠭᠦᠢᠴᠡᠳᠬᠡᠬᠦ ᠳᠤ ᠢᠳᠡᠪᠬᠢᠲᠡᠢ ᠪᠠᠷ ᠨᠡᠩ ᠰᠠᠶᠢᠨ ᠨᠥᠬᠦᠴᠡᠯ ᠪᠦᠷᠢᠯᠳᠦᠭᠦᠯᠵᠦ ᠥᠭᠭᠦᠨ᠎ᠡ᠃ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠤᠳ ᠲᠦᠷᠦᠭᠦᠯᠡᠨ ᠬᠢᠬᠦ᠂ ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠠᠢ ᠬᠠᠮᠲᠤᠷᠠᠨ ᠠᠷᠠᠳᠴᠢᠯᠠᠭᠰᠠᠨ ᠨᠠᠮ ᠪᠦᠯᠦᠭ ᠤᠨ ᠲᠥᠯᠥᠭᠡᠯᠡᠭᠴᠢ ᠬᠥᠮᠦᠰ ᠪᠠ ᠨᠠᠮ ᠪᠦᠯᠦᠭ ᠤᠨ ᠪᠤᠰᠤ ᠬᠥᠮᠦᠰ ᠤᠨ ᠡᠩᠨᠡᠭᠡᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ᠂ ᠲᠥᠷᠥ ᠶᠢᠨ ᠨᠠᠮ ᠤᠨ ᠵᠥᠪᠯᠡᠬᠦ ᠶᠠᠰᠤ ᠴᠢᠨᠠᠷ ᠪᠠ ᠬᠢᠷᠢ ᠬᠡᠮᠵᠢᠶ᠎ᠡ ᠶᠢ ᠪᠦᠷᠢᠨᠰᠢᠭᠦᠯᠦᠨ ᠳᠡᠭᠡᠭᠰᠢᠯᠡᠭᠦᠯᠵᠦ᠂ ᠵᠥᠪᠯᠡᠬᠦ ᠠᠷᠠᠳᠴᠢᠯᠠᠯ ᠤᠨ ᠥᠷᠭᠡᠨ ᠳᠡᠯᠭᠡᠷ᠂ ᠣᠯᠠᠨ ᠳᠠᠪᠬᠤᠷᠭ᠎ᠠ᠂ ᠳᠦᠷᠢᠮᠵᠢᠭᠰᠡᠨ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠪᠦᠬᠦ ᠬᠦᠴᠦᠨ ᠢᠶᠠᠷ ᠢᠶᠠᠨ ᠳᠡᠮᠵᠢᠨ ᠬᠠᠮᠵᠢᠯᠴᠠᠵᠤ᠂ ᠬᠠᠮᠲᠤᠪᠠᠷ ᠠᠳᠬᠤᠵᠤ ᠵᠥᠪᠳᠡᠯᠴᠡᠬᠦ᠂ ᠨᠠᠶᠢᠳᠠᠪᠤᠷᠢᠵᠢᠭᠤᠯᠤᠯᠲᠠ ᠶᠢ ᠦᠨᠡᠨᠬᠦ ᠠᠳᠬᠤᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号