ᠷᠠᠰᠢᠵᠦ᠋ᠩ ᠵᠡᠭᠡᠯᠢ ᠭᠤᠳᠤᠮᠵᠢ ᠨᠠᠮ ᠤᠨ ᠠᠵᠢᠯ ᠤᠨ ᠬᠤᠷᠢᠶ᠎ᠠ ᠶᠢᠨ ᠥᠷᠭᠡᠳᠬᠡᠭᠰᠡᠨ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠪᠣᠯᠤᠨ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠵᠡᠭᠡᠯᠢ ᠭᠤᠳᠤᠮᠵᠢ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/8/7
      8 ᠰᠠᠷ᠎ᠠ ᠶᠢᠨ 6 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠷᠠᠰᠢᠵᠦ᠋ᠩ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶᠠᠨ ᠤ ᠱᠦᠵᠢ ᠵᠠᠩ ᠽᠧ ᠢᠦᠢ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠠᠯ ᠠᠴᠠ 6 ᠰᠠᠷ᠎ᠠ ᠶᠢᠨ 27 ᠤ ᠡᠳᠦᠷ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ᠂ ︽ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾᠂ ᠶᠡᠷᠦᠩᠬᠡᠢ ᠱᠦᠵᠢ ᠰᠢ ᠶᠢᠨ ᠫᠢᠩ ᠤᠨ ︽ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠲᠣᠭᠲᠠᠭᠠᠯ︾ ᠤᠨ ᠲᠣᠳᠣᠷᠬᠠᠶᠢᠯᠠᠯᠲᠠ᠂ ︽ᠰᠢᠨ᠎ᠡ ᠴᠠᠭ ᠦᠶ᠎ᠡ ᠰᠢᠨ᠎ᠡ ᠠᠶᠠᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ︾ ᠶᠢ ᠤᠯᠠᠮᠵᠢᠯᠠᠨ ᠰᠤᠷᠤᠯᠴᠠᠵᠤ᠂ ᠵᠡᠭᠡᠯᠢ ᠭᠤᠳᠤᠮᠵᠢ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠤᠬᠠᠭᠤᠯᠵᠤ ᠰᠠᠶᠢᠲᠤᠷ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠂ ᠡᠷᠬᠡᠪᠰᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠪᠦᠬᠦ ᠲᠠᠯ᠎ᠠ ᠶᠢᠨ᠂ ᠪᠦᠬᠦᠨ ᠢ ᠬᠠᠮᠤᠷᠬᠤ᠂ ᠪᠣᠰᠤᠭ᠎ᠠ ᠴᠣᠭᠴᠠᠲᠤ ᠮᠠᠶ᠋ᠢᠭ ᠤᠨ ᠤᠬᠠᠭᠤᠯᠭ᠎ᠠ ᠶᠢᠨ ᠠᠵᠢᠯ ᠢ ᠲᠦᠷᠭᠡᠨ ᠥᠷᠨᠢᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠵᠡᠭᠡᠯᠢ ᠭᠤᠳᠤᠮᠵᠢ᠂ ᠨᠡᠶᠢᠭᠡᠮ ᠲᠣᠭᠤᠷᠢᠭ᠂ ᠰᠠᠭᠤᠭᠠᠯᠢ ᠲᠣᠭᠤᠷᠢᠭ ᠲᠤ ᠣᠷᠣᠭᠤᠯᠬᠤ ᠶᠢ ᠠᠬᠢᠭᠤᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷ ᠨᠢᠭᠡᠪᠦᠷᠢ ᠳᠤ ᠤᠯᠠᠮᠵᠢᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠠᠢ ᠤᠶᠠᠯᠳᠤᠭᠤᠯᠵᠤ᠂ ᠨᠠᠮ ᠤᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠦᠨᠳᠦᠰᠦᠨ ᠱᠠᠲᠤᠨ ᠤ ᠵᠠᠰᠠᠯᠲᠠ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠬᠦ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ︽ᠭᠤᠷᠪᠠᠨ ᠲᠤᠰᠬᠠᠢ ᠠᠵᠢᠯ︾ ᠢ ᠭᠦᠨᠵᠡᠭᠡᠶᠢᠷᠡᠭᠦᠯᠦᠨ ᠠᠬᠢᠭᠤᠯᠵᠤ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠰᠢᠨ᠎ᠡ ᠨᠢᠭᠡ ᠡᠭᠡᠯᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠶᠢᠭᠤᠯᠤᠯᠲᠠ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃      ᠬᠤᠷᠠᠯ ᠠᠴᠠ ᠪᠠᠰᠠ ︽ᠪᠥᠬᠦ ᠬᠤᠲᠠ ᠶᠢᠨ ᠭᠤᠷᠪᠠᠨ ᠠᠵᠢᠯ ᠢ ᠨᠢᠭᠡ ᠴᠤᠭᠴᠠᠵᠢᠭᠤᠯᠤᠨ ᠠᠬᠢᠭᠤᠯᠬᠤ ᠪᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠡᠭᠦᠷᠭᠡ ᠶᠢ ᠳᠣᠭᠢᠷᠠᠭᠤᠯᠬᠤ ᠬᠤᠷᠠᠯ ᠤᠨ ᠵᠣᠷᠢᠭ ᠰᠠᠨᠠᠭ᠎ᠠ︾ ᠶᠢ ᠤᠯᠠᠮᠵᠢᠯᠠᠨ ᠰᠤᠷᠤᠯᠴᠠᠵᠤ᠂ ᠨᠢᠭᠡᠳᠦᠯᠲᠡᠶ ᠲᠥᠯᠥᠪᠯᠡᠨ ᠲᠥᠯᠥᠪᠵᠢᠭᠦᠯᠬᠦ ᠶᠢ ᠰᠠᠶᠢᠲᠤᠷ ᠠᠳᠬᠤᠵᠤ᠂ ᠠᠵᠢᠯ ᠤᠨ ᠲᠣᠬᠢᠷᠠᠭᠤᠯᠤᠯᠲᠠ᠂ ᠪᠠᠶᠢᠴᠠᠭᠠᠨ ᠰᠤᠳᠤᠯᠤᠯᠲᠠ ᠬᠢᠵᠦ ᠵᠢᠯᠣᠭᠤᠳᠬᠤ᠂ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ᠂ ᠣᠯᠠᠨ ᠲᠦᠮᠡᠨ ᠤ ᠬᠠᠷᠢᠭᠤ ᠲᠤᠰᠬᠠᠬᠤ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ︽ᠵᠠᠰᠠᠭ ᠤᠨ ᠠᠵᠢᠯ ᠤᠨ ᠪᠦᠲᠦᠮᠵᠢ ᠶᠢᠨ ᠢᠨᠵᠧᠨᠧᠷᠢᠩ︾᠂ ︽ᠨᠢᠭᠤᠷ ᠲᠠᠯ᠎ᠠ ᠶᠢᠨ ᠢᠨᠵᠧᠨᠧᠷᠢᠩ︾᠂ ︽ᠳᠦᠷᠢ ᠲᠥᠷᠬᠦ ᠶᠢᠨ ᠢᠨᠵᠧᠨᠧᠷᠢᠩ︾ ᠵᠢᠴᠢ ᠪᠢᠴᠢᠭ ᠮᠠᠲ᠋ᠧᠷᠢᠶᠠᠯ ᠢᠶᠠᠷ ᠬᠤᠷᠠᠯ ᠢ ᠬᠠᠰᠤᠬᠤ᠂ ᠬᠤᠷᠤᠭᠤᠨ ᠦᠵᠦᠭᠦᠷ ᠲᠠᠬᠢ ᠬᠡᠯᠪᠡᠷᠢᠴᠢ ᠦᠵᠡᠯ ᠵᠡᠷᠭᠡ ᠲᠣᠪᠤᠶᠢᠮ᠎ᠠ ᠠᠰᠠᠭᠤᠳᠠᠯ ᠢ ᠰᠠᠶᠢᠲᠤᠷ ᠠᠳᠬᠤᠵᠤ᠂ ︽1+ 1+ 1> 3︾ ᠶᠢᠨ ᠶᠡᠷᠦᠩᠬᠡᠶᠢᠯᠡᠭᠰᠡᠨ ᠦᠢᠯᠡᠳᠦᠯ ᠢ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ︽ᠰᠡᠭᠦᠯᠴᠢ ᠶᠢᠨ ᠬᠠᠭᠠᠰ ᠵᠣᠬᠢᠶᠠᠯ︾ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠡᠷᠡ ᠬᠡᠪ ᠢᠶᠠᠷ ᠨᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠰᠤᠷᠤᠯᠴᠠᠭᠰᠠᠨ ᠰᠠᠭᠤᠷᠢᠨ ᠳᠡᠭᠡᠷ᠎ᠡ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠡᠭᠦᠷᠭᠡ ᠶᠢᠨ ᠨᠠᠷᠢᠨ ᠬᠠᠭᠤᠳᠠᠰᠤ ᠪᠣᠯᠤᠨ ᠴᠠᠭ ᠤᠨ ᠬᠢᠵᠠᠭᠠᠷ ᠤᠨ ᠠᠬᠢᠴᠠ ᠲᠠᠢ ᠨᠠᠷᠢᠨ ᠬᠢᠨᠠᠮᠠᠭᠠᠢ ᠬᠠᠷᠢᠴᠠᠭᠤᠯᠵᠤ᠂ ︽ᠡᠷᠭᠢᠵᠦ ᠬᠠᠷᠠᠬᠤ︾ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠬᠠᠨᠳᠤᠯᠭᠠᠲᠤ ᠴᠢᠨᠠᠷᠲᠠᠢ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠴᠤ᠂ ᠡᠮᠦᠨ᠎ᠡ ᠬᠤᠶᠢᠨ᠎ᠠ ᠨᠢ ᠰᠤᠯᠠᠷᠠᠬᠤ᠂ ᠳᠡᠭᠡᠷ᠎ᠡ ᠨᠢ ᠬᠠᠯᠠᠭᠤ ᠣᠷᠬᠢᠬᠤ ᠶᠢ ᠰᠡᠷᠭᠡᠶᠢᠯᠡᠬᠦ ᠬᠡᠷᠡᠭᠲᠡᠢ᠃ ᠰᠤᠷᠤᠯᠴᠠᠬᠤ ᠶᠢᠨ ᠳᠠᠭᠠᠤ ᠪᠠᠶᠢᠴᠠᠭᠠᠨ ᠦᠵᠡᠵᠦ᠂ ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠵᠤ᠂ ᠠᠷᠠᠳ ᠲᠤ ᠳᠥᠭᠦᠮ ᠦᠵᠡᠭᠦᠯᠬᠦ ᠦᠶ᠋ᠯᠡᠴᠢᠯᠡᠭᠡᠨ ᠤ ᠴᠣᠩᠬᠤᠪᠴᠢ ᠶᠢᠨ ᠰᠤᠷᠲᠠᠯ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠬᠦ ᠪᠠᠷ ᠭᠠᠷᠳᠠᠴᠠ ᠪᠣᠯᠭᠠᠵᠤ᠂ ᠭᠤᠷᠪᠠᠨ ᠵᠦᠶ᠋ᠯ ᠤᠨ ᠠᠵᠢᠯ ᠢ ᠨᠢᠭᠡ ᠴᠣᠭᠴᠠᠵᠢᠭᠤᠯᠤᠨ ᠠᠬᠢᠭᠤᠯᠬᠤ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠢᠳᠡᠪᠬᠢᠲᠡᠶ ᠬᠠᠶᠢᠨ ᠰᠦᠪᠡᠭᠴᠢᠯᠡᠵᠦ᠂ ᠳᠡᠯᠭᠡᠷᠡᠭᠦᠯᠵᠦ ᠪᠣᠯᠬᠤ ᠬᠠᠭᠤᠯᠪᠤᠷᠢᠯᠠᠵᠤ ᠪᠣᠯᠬᠤ ᠲᠦᠷᠢᠮ ᠲᠣᠭᠲᠠᠴᠠ ᠶᠢ ᠪᠠᠬᠢᠵᠢᠭᠦᠯᠦᠨ ᠪᠦᠷᠢᠯᠳᠦᠭᠦᠯᠵᠦ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨ ᠤ ᠦᠶ᠋ᠯᠡᠴᠢᠯᠡᠭᠡᠨ ᠤ ᠲᠥᠪ ᠤᠨ ᠠᠵᠢᠯ ᠤᠨ ᠶᠠᠪᠤᠴᠠ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢ ᠠᠬᠢᠭᠤᠯᠵᠤ᠂ ᠣᠯᠠᠨ ᠲᠦᠮᠡᠨ ᠳᠤ ︽ᠭᠤᠷᠪᠠᠨ ᠲᠤᠰᠬᠠᠶ ᠠᠵᠢᠯ︾ ᠢ ᠨᠢᠭᠡ ᠴᠣᠭᠴᠠᠵᠢᠭᠤᠯᠤᠨ ᠠᠬᠢᠭᠤᠯᠬᠤ ᠰᠢᠨ᠎ᠡ ᠬᠤᠪᠢᠷᠠᠯᠲᠠ ᠶᠢ ᠮᠡᠳᠡᠭᠦᠯᠬᠦ ᠬᠡᠷᠡᠭᠲᠡᠶ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号