ᠬᠠᠶᠢᠨᠠᠨ ᠲᠣᠭᠤᠷᠢᠭ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠪᠡ
ᠨᠡᠶᠢᠲᠡᠯᠡᠭᠰᠡᠨ ᠴᠠᠭ᠄
2024/8/7
      ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠵᠠᠯᠠᠭᠤ ᠺᠠᠳ᠋ᠷᠴᠤᠳ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠤᠬᠠᠮᠰᠠᠷ᠂ ᠬᠠᠤᠯᠢ ᠴᠠᠭᠠᠵᠠ ᠰᠠᠬᠢᠯᠭ᠎ᠠ ᠪᠠᠲᠤ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 8 ᠰᠠᠷ᠎ᠠ ᠶᠢᠨ 6 ᠤ ᠡᠳᠦᠷ᠂ ᠬᠠᠶᠢᠨᠠᠨ ᠲᠣᠭᠤᠷᠢᠭ ᠪᠥᠬᠦ ᠲᠤᠭᠤᠷᠢᠭ ᠤᠨ ᠵᠠᠯᠠᠭᠤ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ︽ᠡᠪᠳᠡᠬᠦ ᠰᠡᠷᠭᠡᠶᠢᠯᠡᠯᠲᠡ︾ ᠶᠢ ᠲᠥᠪᠯᠡᠷᠡᠭᠦᠯᠦᠨ ᠰᠣᠨᠢᠷᠬᠠᠪᠠ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃      ᠰᠡᠷᠡᠮᠵᠢᠯᠡᠭᠦᠯᠬᠦ ᠬᠥᠮᠦᠵᠢᠯ ᠤᠨ ᠺᠢᠨᠣ᠋ ᠳᠠᠭᠤᠰᠤᠭᠰᠠᠨ ᠤ ᠳᠠᠷᠠᠭ᠎ᠠ᠂ ᠢᠦᠢ ᡁᠢ ᠶᠦᠩ ᠨᠡᠶᠢᠲᠡᠯᠢᠭ ᠬᠡᠷᠡᠭ ᠤᠨ ᠲᠣᠭᠤᠷᠢᠨ ᠳᠤ ᠵᠠᠳᠠᠯᠤᠯᠲᠠ ᠬᠢᠭᠰᠡᠨ ᠪᠥᠭᠡᠳ ᠪᠦᠬᠦ ᠲᠤᠭᠤᠷᠢᠭ ᠤᠨ ᠵᠠᠯᠠᠭᠤ ᠺᠠᠳ᠋ᠷᠴᠤᠳ ᠢ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠡᠰᠡᠷᠭᠦ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠲᠣᠯᠢ ᠪᠣᠯᠭᠠᠵᠤ᠂ ᠴᠠᠭ ᠲᠤᠬᠠᠢ ᠳᠤᠨᠢ ᠥᠪᠡᠷ ᠢ ᠪᠠᠨ ᠪᠠᠶᠢᠴᠠᠭᠠᠨ ᠦᠵᠡᠵᠦ᠂ ᠲᠤᠰ ᠪᠡᠶ᠎ᠡ ᠶᠢᠨ ᠰᠠᠬᠢᠯᠭ᠎ᠠ ᠪᠠᠲᠤ ᠶᠢᠨ ᠪᠠᠶᠢᠭᠤᠯᠤᠯᠲᠠ ᠪᠠᠨ ᠪᠦᠬᠦ ᠲᠠᠯ᠎ᠠ ᠪᠠᠷ ᠴᠢᠩᠭᠠᠳᠬᠠᠵᠤ᠂ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭ᠎ᠠ ᠶᠣᠰᠣ ᠰᠤᠷᠲᠠᠬᠤᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠬᠤ ᠶᠢ ᠬᠦᠰᠡᠪᠡ᠃ ᠲᠡᠷᠡ᠂ ᠢᠯᠡᠭᠦᠬᠡᠨ ᠰᠤᠷᠤᠯᠴᠠᠵᠤ᠂ ᠦᠷᠭᠦᠯᠵᠢ ᠪᠣᠳᠣᠯᠬᠢᠯᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠬᠡᠷᠡᠭᠲᠡᠢ᠃ ᠵᠠᠯᠠᠭᠤ ᠺᠠᠳ᠋ᠷᠴᠤᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠦᠰᠡᠯᠡᠩ ᠢᠲᠡᠭᠡᠯ ᠪᠢᠰᠢᠷᠡᠯ ᠢᠶᠠᠨ ᠴᠢᠨᠠᠭᠰᠢᠳᠠ ᠪᠠᠲᠤᠳᠬᠠᠵᠤ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠦᠨᠳᠦᠰᠦᠨ ᠱᠠᠲᠤᠨ ᠤ ᠦᠢᠯᠡᠳᠦᠯᠭᠡ ᠶᠢ ᠦᠨᠡᠨ ᠬᠦ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠵᠣᠷᠢᠭ ᠰᠠᠨᠠᠭ᠎ᠠ ᠪᠠᠨ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠦᠭᠡ ᠶᠠᠷᠢᠶ᠎ᠠ ᠦᠢᠯᠡ ᠠᠵᠢᠯᠯᠠᠭ᠎ᠠ ᠶᠢ ᠴᠢᠬᠤᠯᠠᠴᠢᠯᠠᠵᠤ᠂ ᠵᠠᠩ ᠰᠤᠷᠲᠠᠯ ᠢ ᠴᠢᠬᠤᠯᠠᠴᠢᠯᠠᠨ᠂ ᠪᠠᠭ᠎ᠠ ᠶᠠᠪᠤᠳᠠᠯ ᠢ ᠴᠢᠩᠭ᠎ᠠ ᠰᠠᠬᠢᠬᠤ ᠬᠡᠷᠡᠭᠲᠡᠢ᠃ ᠵᠠᠯᠠᠭᠤ ᠺᠠᠳ᠋ᠷᠴᠤᠳ ︽ᠬᠤᠷᠢᠭ᠎ᠠ ᠱᠤᠭᠤᠮ ᠤᠨ ᠰᠡᠳᠬᠢᠬᠦᠶ︾ ᠶᠢ ᠪᠠᠲᠤ ᠪᠠᠬᠢ ᠪᠣᠶ ᠪᠣᠯᠭᠠᠵᠤ᠂ ᠲᠥᠪ ᠭᠤᠤᠯᠴᠢ ᠠᠷᠢᠭᠤᠨ ᠴᠢᠬᠡᠴᠢ ᠶᠢ ᠬᠢᠴᠢᠶᠡᠩᠭᠦ᠋ᠢᠯᠡᠨ ᠰᠠᠬᠢᠵᠤ᠂ ᠲᠣᠰ ᠪᠡᠶ᠎ᠡ ᠶᠢᠨ ᠪᠣᠯᠪᠠᠰᠤᠷᠠᠯ ᠢᠶᠠᠨ ᠴᠢᠩᠭᠠᠳᠬᠠᠨ᠂ ᠲᠠᠷᠢᠬᠢ ᠲᠣᠯᠣᠭᠠᠶ ᠪᠠᠨ ᠴᠠᠭ ᠢᠮᠠᠭᠲᠠ ᠰᠡᠷᠭᠡᠭ ᠪᠠᠶᠢᠯᠭᠠᠵᠤ᠂ ︽ᠲᠩᠷᠢ ᠶᠢᠨ ᠲᠣᠣᠷ ᠢ ᠰᠡᠷᠭᠦᠭᠡᠬᠦ᠂ ᠶᠣᠰᠣ ᠮᠣᠷᠠᠯ ᠢ ᠮᠡᠳᠡᠬᠦ᠂ ᠪᠤᠰᠤᠳ ᠢ ᠣᠷᠬᠢᠭᠳᠠᠭᠤᠯᠬᠤ ᠦᠭᠡᠢ︾ ᠪᠠᠶᠢᠬᠤ ᠶᠢ ᠴᠠᠭ ᠢᠮᠠᠭᠲᠠ ᠪᠠᠲᠤ ᠴᠡᠭᠡᠵᠢᠯᠡᠵᠦ᠂ ᠤᠬᠠᠮᠰᠠᠷ ᠠᠴᠠ ᠪᠠᠨ ᠲᠥᠪ ᠭᠤᠤᠯᠴᠢ ᠪᠠᠷ ᠤᠴᠢᠷ ᠶᠠᠪᠤᠳᠠᠯ ᠪᠦᠲᠦᠭᠡᠬᠦ᠂ ᠶᠣᠰᠣ ᠮᠣᠷᠠᠯ ᠢ ᠮᠡᠳᠡᠬᠦ᠂ ᠪᠤᠰᠤᠳ ᠲᠤ ᠠᠭᠤᠴᠢᠯᠠᠨ ᠬᠠᠨᠳᠤᠬᠤ ᠶᠢ ᠦᠨᠡᠨ ᠬᠦ ᠪᠠᠲᠤᠯᠠᠬᠤ ᠬᠡᠷᠡᠭᠲᠡᠶ︔ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠨᠢᠭᠡᠳᠦᠭᠡᠷ ᠬᠠᠷᠢᠭᠤᠴᠠᠯᠭᠠᠳᠠᠨ︾ ᠤᠳᠤᠷᠢᠳᠬᠤ ᠪᠠᠭ ᠢ ᠰᠠᠶᠢᠲᠤᠷ ᠠᠳᠬᠤᠵᠤ᠂ ᠡᠩᠨᠡᠭᠡ ᠪᠠᠨ ᠰᠠᠶᠢᠲᠤᠷ ᠳᠠᠭᠠᠭᠤᠯᠵᠤ᠂ ︽ᠨᠢᠭᠡᠳᠦᠭᠡᠷ ᠬᠠᠷᠢᠭᠤᠴᠠᠯᠭᠠᠲᠠᠨ︾ ᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠣᠯᠵᠤ᠂ ᠥᠷᠭᠡᠨ ᠣᠯᠠᠨ ᠵᠠᠯᠠᠭᠤ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠠᠷᠢᠭᠤᠨ ᠴᠢᠬᠡᠴᠢ ᠪᠠᠷ ᠵᠠᠰᠠᠭ ᠪᠠᠷᠢᠬᠤ ︽ᠠᠩᠬᠠᠨ ᠤ ᠲᠣᠪᠴᠢ︾ ᠶᠢ ᠰᠠᠶᠢᠲᠤᠷ ᠪᠣᠯᠭᠠᠬᠤ ᠬᠡᠷᠡᠭᠲᠡᠶ᠃ ᠪᠣᠳᠠᠲᠠᠢ ᠠᠵᠢᠯᠯᠠᠬᠤ ᠶᠢ ᠴᠢᠬᠤᠯᠠᠴᠢᠯᠠᠵᠤ᠂ ᠴᠢᠳᠠᠪᠤᠷᠢ ᠪᠠᠨ ᠴᠢᠩᠭᠠᠳᠬᠠᠵᠤ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠵᠠᠯᠠᠭᠤ ᠺᠠᠳ᠋ᠷᠴᠤᠳ ᠰᠢᠨ᠎ᠡ ᠴᠠᠭ ᠦᠶ᠎ᠡ ᠰᠢᠨ᠎ᠡ ᠠᠶᠠᠨ ᠳᠤ ᠪᠢᠳᠡᠨ ᠳᠤ ᠳᠤᠷᠠᠳᠤᠭᠰᠠᠨ ᠴᠢᠬᠤᠯᠠ ᠶᠡᠭᠡ ᠰᠡᠳᠦᠪ᠂ ᠴᠢᠬᠤᠯᠠ ᠶᠡᠭᠡ ᠱᠠᠭᠠᠷᠳᠠᠯᠭ᠎ᠠ᠂ ᠴᠢᠬᠤᠯᠠ ᠶᠡᠭᠡ ᠡᠭᠦᠷᠭᠡ ᠶᠢ ᠭᠦᠨᠵᠡᠭᠡᠢ ᠤᠢᠢᠯᠠᠭᠠᠨ ᠡᠵᠡᠮᠰᠢᠵᠦ᠂ ᠡᠷᠬᠡᠪᠰᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠦᠨᠡᠨᠬᠦ ᠠᠳᠬᠤᠨ ᠪᠣᠳᠠᠲᠠᠢ ᠠᠵᠢᠯᠯᠠᠬᠤ ᠬᠠᠲᠠᠭᠤ ᠴᠢᠩᠭ᠎ᠠ ᠰᠤᠷᠲᠠᠯ ᠢ ᠪᠤᠢ ᠪᠣᠯᠭᠠᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠭᠠᠷᠭᠠᠭᠰᠠᠨ ᠪᠠᠶᠢᠷᠢᠯᠠᠭᠤᠯᠤᠯᠲᠠ ᠪᠣᠯᠤᠨ ᠠᠵᠢᠯ ᠤᠨ ᠱᠠᠭᠠᠷᠳᠠᠯᠭ᠎ᠠ ᠳᠤ ᠬᠠᠮᠤᠭ ᠤᠨ ᠲᠡᠷᠢᠭᠦᠨ ᠳᠤ ᠲᠤᠭᠤᠰᠢᠯᠠᠭᠤᠯᠵᠤ᠂ ᠬᠠᠮᠤᠭ ᠤᠨ ᠲᠡᠷᠢᠭᠦᠨ ᠳᠤ ᠬᠡᠷᠡᠭᠵᠢᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠡᠩᠨᠡᠭᠡ ᠪᠣᠯᠬᠤ ᠪᠠᠷ ᠴᠢᠷᠮᠠᠶᠢᠵᠤ᠂ ᠬᠠᠶᠢᠨᠠᠨ ᠲᠣᠭᠤᠷᠢᠭ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠲᠤᠰ ᠲᠤᠰ ᠤᠨ ᠠᠵᠢᠯ ᠤᠨ ᠪᠠᠶᠢᠷᠢ ᠳᠡᠭᠡᠷ᠎ᠡ ᠪᠠᠨ ᠥᠪᠡᠷ ᠤᠨ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠡᠢ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号