ᠭᠦᠬᠤᠰᠣ ᠪᠠᠯᠭᠠᠰᠤ ᠦᠶᠡᠷ ᠢ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/9
      ᠰᠢᠷᠦᠭᠦᠨ ᠪᠣᠷᠣᠭᠠᠨ ᠣᠷᠣᠬᠤ ᠴᠠᠭ ᠠᠭᠤᠷ ᠤᠨ ᠦᠶᠡᠷ ᠢ ᠰᠡᠷᠭᠡᠶᠢᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠭᠦᠬᠤᠰᠣ  ᠪᠠᠯᠭᠠᠰᠤᠨ ᠤ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ 8 ᠰᠠᠷ᠎ᠠ ᠶᠢᠨ 8 ᠤ ᠡᠳᠦᠷ᠂ ᠭᠦᠬᠤᠰᠣ ᠪᠠᠯᠭᠠᠰᠤ ᠦᠶᠡᠷ ᠢ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠧ ᠸᠠᠨ ᠯᠦᠩ ᠬᠤᠷᠠᠯ ᠢ ᠡᠷᠭᠢᠯᠡᠵᠦ᠂ ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠠᠵᠢᠯ ᠦᠶ᠋ᠯᠡᠰ ᠤᠨ ᠨᠢᠭᠡᠴᠡ᠂ ᠨᠡᠶᠢᠭᠡᠮ ᠲᠣᠭᠤᠷᠢᠭ ᠵᠢᠴᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠨᠠᠮ ᠤᠨ ᠬᠤᠷᠢᠶᠠᠨ ᠤ ᠱᠦᠵᠢ ᠭᠧ ᠸᠠᠨ ᠯᠦᠩ ᠳᠡᠭᠡᠳᠦ ᠱᠠᠲᠤᠨ ᠤ ᠦᠶᠡᠷ ᠢ ᠰᠡᠷᠭᠡᠶᠢᠯᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠠᠵᠢᠯ ᠤᠨ ᠱᠠᠭᠠᠷᠳᠠᠯᠭ᠎ᠠ ᠶᠢ ᠤᠯᠠᠮᠵᠢᠯᠠᠪᠠ᠃ ᠬᠤᠷᠠᠯ ᠠᠴᠠ᠂ ᠦᠶᠡᠷ ᠤᠨ ᠪᠠᠶᠢᠳᠠᠯ ᠤᠨ ᠲᠤᠯᠭᠠᠮ ᠴᠢᠨᠠᠷ ᠪᠣᠯᠤᠨ ᠦᠶᠡᠷ ᠢ ᠰᠡᠷᠭᠡᠶᠢᠯᠡᠬᠦ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠬᠤ ᠬᠡᠷᠡᠭᠲᠡᠢ᠃ ᠨᠢᠭᠡ ᠳᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠠᠵᠢᠯ ᠢ ᠴᠢᠩᠭᠠᠳᠬᠠᠬᠤ ᠬᠡᠷᠡᠭᠲᠡᠶ᠃ ᠲᠤᠰᠬᠠᠶ ᠬᠦᠴᠦᠨ ᠢ ᠵᠣᠬᠢᠶᠠᠨ ᠪᠠᠶᠢᠭᠤᠯᠤᠨ ᠪᠠᠯᠭᠠᠰᠤᠨ ᠤ ᠳᠣᠲᠣᠷᠠᠬᠢ ᠭᠤᠤᠯ᠂ ᠬᠤᠲᠣᠭᠤᠷ ᠭᠠᠵᠠᠷ ᠤᠨ ᠠᠮᠠᠷᠬᠠᠨ ᠤᠰᠤᠲᠤᠬᠤ ᠣᠷᠣᠨ᠂ ᠨᠤᠷᠠᠬᠤ ᠠᠶᠤᠯᠲᠠᠶ ᠬᠠᠭᠤᠴᠢᠨ ᠭᠡᠷ ᠪᠠᠶᠢᠰᠢᠩ ᠵᠡᠷᠭᠡ ᠭᠤᠤᠯᠳᠠᠯᠭ᠎ᠠ ᠲᠠᠢ ᠣᠷᠣᠨ ᠪᠦᠰᠡ ᠪᠣᠯᠤᠨ ᠪᠠᠭᠤᠷᠠᠶ ᠭᠤᠭᠴᠤᠭ᠎ᠠ ᠳᠤ ᠨᠡᠶᠢᠳᠡᠮ ᠪᠠᠶᠢᠴᠠᠭᠠᠯᠲᠠ ᠬᠢᠵᠦ᠂ ᠳᠠᠯᠳᠠ ᠭᠡᠮ ᠤᠨ ᠪᠠᠶᠢᠳᠠᠯ ᠢ ᠨᠠᠷᠢᠨ ᠲᠣᠳᠣᠷᠬᠠᠶ ᠲᠡᠮᠳᠡᠭᠯᠡᠵᠦ᠂ ᠲᠣᠳᠣᠷᠬᠠᠶ ᠣᠨᠣᠪᠴᠢᠲᠠᠶ ᠳᠠᠯᠳᠠ ᠭᠡᠮ ᠤᠨ ᠡᠬᠡ ᠳᠠᠩᠰᠠ ᠵᠢᠴᠢ ᠦᠨᠡᠨᠬᠦ ᠶᠠᠪᠤᠭᠳᠠᠭᠤᠰᠢᠲᠠᠶ ᠪᠠᠴᠢᠮ ᠪᠠᠶᠢᠳᠠᠯ ᠢ ᠠᠷᠭᠠᠴᠠᠨ ᠦᠶᠡᠷ ᠢ ᠥᠩᠭᠡᠷᠡᠭᠦᠯᠬᠦ ᠲᠥᠰᠦᠯ ᠢ ᠪᠠᠶᠢᠭᠤᠯᠵᠤ᠂ ᠲᠤᠰᠬᠠᠶ ᠬᠥᠮᠦᠨ ᠲᠣᠬᠢᠷᠠᠭᠤᠯᠤᠨ ᠰᠠᠬᠢᠭᠤᠯᠵᠤ᠂ ᠳᠠᠯᠳᠠ ᠭᠡᠮ ᠢ ᠡᠵᠡᠮᠳᠡᠵᠦ ᠪᠣᠯᠬᠤ ᠪᠠᠶᠢᠳᠠᠯ ᠳᠤ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠶᠠᠷ ᠲᠤ᠂ ᠡᠳ᠋ ᠪᠣᠳᠠᠰ ᠤᠨ ᠨᠥᠭᠡᠴᠡᠯᠡᠯᠲᠡ ᠶᠢᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠦᠨᠡᠨᠬᠦ ᠰᠠᠶᠢᠲᠤᠷ ᠬᠢᠵᠦ᠂ ᠶᠡᠭᠡ ᠦᠶᠡᠷ ᠢ ᠡᠰᠡᠷᠭᠦᠴᠡᠬᠦ᠂ ᠶᠡᠭᠡ ᠠᠶᠤᠯ ᠢ ᠵᠠᠪᠳᠤᠨ ᠠᠪᠤᠷᠠᠬᠤ ᠬᠥᠮᠦᠨ ᠤ ᠬᠦᠴᠦᠨ ᠪᠣᠯᠤᠨ ᠡᠳ᠋ ᠪᠣᠳᠠᠰ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠰᠦᠯᠵᠢᠮᠡᠯ ᠤᠭᠤᠲᠠ᠂ ᠭᠠᠷ ᠳ᠋ᠢᠶᠠᠩᠬᠤᠸᠠ᠂ ᠠᠪᠤᠷᠠᠯᠳᠠ ᠶᠢᠨ ᠬᠤᠪᠴᠠᠰᠤ᠂ ᠡᠮᠴᠢᠯᠡᠭᠡᠨ ᠤ ᠬᠠᠶᠢᠷᠴᠠᠭ᠂ ᠥᠨᠳᠥᠷ ᠳᠠᠭᠤᠲᠤ ᠯᠠᠪᠠᠷ ᠵᠡᠷᠭᠡ ᠦᠶᠡᠷ ᠢ ᠰᠡᠷᠭᠡᠶᠢᠯᠡᠬᠦ ᠡᠳ᠋ ᠪᠣᠳᠠᠰ ᠢ ᠪᠦᠷᠢᠨ ᠭᠦᠢᠴᠡᠳ ᠲᠣᠬᠢᠷᠠᠭᠤᠯᠤᠭᠰᠠᠨ ᠡᠰᠡᠬᠦ ᠶᠢ ᠵᠢᠭᠰᠠᠭᠠᠨ ᠪᠠᠶᠢᠴᠠᠭᠠᠵᠤ᠂ ᠲᠡᠭᠦᠨ ᠤ ᠰᠢᠨᠵᠢ ᠴᠢᠨᠠᠷ ᠨᠢ ᠰᠠᠶᠢᠨ᠂ ᠴᠠᠭ ᠢᠮᠠᠭᠲᠠ ᠬᠡᠷᠡᠭᠯᠡᠵᠦ ᠪᠣᠯᠬᠤ ᠶᠢ ᠦᠨᠡᠨᠬᠦ ᠪᠠᠲᠤᠯᠠᠵᠤ᠂ ᠲᠥᠪᠯᠡᠷᠡᠭᠦᠯᠦᠨ ᠬᠠᠳᠠᠭᠠᠯᠠᠵᠤ ᠬᠠᠮᠢᠶᠠᠷᠴᠤ᠂ ᠨᠢᠭᠡᠳᠦᠯᠲᠡᠶ ᠲᠣᠬᠢᠷᠠᠭᠤᠯᠵᠤ᠂ ᠪᠡᠯᠡᠳᠬᠡᠯ ᠲᠠᠢ ᠪᠠᠶᠢᠪᠠᠯ ᠪᠠᠯᠠᠳᠠᠬᠤ ᠦᠭᠡᠢ ᠪᠠᠶᠢᠬᠤ ᠬᠡᠷᠡᠭᠲᠡᠶ᠃ ᠭᠤᠷᠪᠠ ᠳᠤ᠂ ᠵᠢᠵᠢᠭᠦᠷᠯᠡᠨ ᠰᠠᠬᠢᠬᠤ ᠲᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ᠃ 24 ᠴᠠᠭ ᠢᠶᠠᠷ ᠵᠢᠵᠢᠭᠦᠷᠯᠡᠨ ᠰᠠᠬᠢᠬᠤ ᠲᠦᠷᠢᠮ ᠵᠢᠴᠢ ᠤᠳᠤᠷᠢᠳᠤᠯᠭ᠎ᠠ ᠵᠢᠵᠢᠭᠦᠷ ᠳᠠᠭᠠᠭᠤᠯᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠴᠠᠭ ᠠᠭᠤᠷ ᠤᠨ ᠮᠡᠳᠡᠭᠡ ᠵᠠᠩᠭᠢ ᠪᠠ ᠪᠣᠷᠣᠭᠠᠨ ᠤ ᠪᠠᠶᠢᠳᠠᠯ ᠤᠨ ᠪᠠᠶᠢᠳᠠᠯ ᠢ ᠨᠢᠭᠲᠠ ᠠᠩᠬᠠᠷᠴᠤ᠂ ᠴᠢᠮᠡᠭᠡ ᠬᠤᠯᠪᠣᠭ᠎ᠠ ᠶᠢᠨ ᠰᠠᠭᠠᠳ ᠥᠬᠡᠶ ᠨᠡᠪᠲᠡᠷᠡᠬᠦ ᠶᠢ ᠴᠠᠭ ᠢᠮᠠᠭᠲᠠ ᠪᠠᠲᠤᠯᠠᠵᠤ᠂ ᠴᠢᠬᠤᠯᠠ ᠶᠡᠭᠡ ᠪᠠᠴᠢᠮ ᠮᠡᠳᠡᠭᠡ ᠵᠠᠩᠭᠢ ᠶᠢ ᠴᠠᠭ ᠲᠤᠬᠠᠶ ᠳᠤᠨᠢ ᠮᠡᠳᠡᠭᠦᠯᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠶᠡᠷ ᠤᠨ ᠪᠠᠶᠢᠳᠠᠯ᠂ ᠲᠦᠭᠰᠢᠭᠦᠷᠢᠲᠦ ᠪᠠᠶᠢᠳᠠᠯ᠂ ᠭᠠᠮᠰᠢᠭ ᠤᠨ ᠪᠠᠶᠢᠳᠠᠯ ᠪᠠ ᠦᠶᠡᠷ ᠢ ᠰᠡᠷᠭᠡᠶᠢᠯᠡᠬᠦ ᠶᠢ ᠵᠢᠯᠣᠭᠤᠳᠤᠨ ᠲᠣᠬᠢᠷᠠᠭᠤᠯᠬᠤ ᠵᠠᠷᠯᠢᠭ ᠢ ᠲᠡᠷᠡ ᠳᠠᠷᠤᠶ ᠳᠤᠨᠢ ᠳᠡᠭᠡᠭᠰᠢ ᠳᠠᠮᠵᠢᠭᠤᠯᠤᠨ ᠪᠠᠭᠤᠯᠭᠠᠬᠤ ᠶᠢ ᠦᠨᠡᠨᠬᠦ ᠪᠠᠲᠤᠯᠠᠵᠤ᠂ ᠡᠷᠲᠡ ᠢᠯᠡᠷᠡᠭᠦᠯᠵᠦ᠂ ᠡᠷᠲᠡ ᠰᠢᠶ᠋ᠳᠪᠦᠷᠢᠯᠡᠵᠦ᠂ ᠡᠷᠲᠡ ᠳᠡᠭᠡᠭᠰᠢ ᠮᠡᠳᠡᠭᠦᠯᠬᠦ ᠶᠢ ᠪᠡᠶᠡᠯᠡᠭᠦᠯᠵᠦ᠂ ᠦᠶᠡᠷ ᠢ ᠰᠡᠷᠭᠡᠶᠢᠯᠡᠬᠦ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠵᠤ᠂ ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃      ᠬᠤᠷᠠᠯ ᠠᠴᠠ᠂ ᠦᠶᠡᠷ ᠢ ᠰᠡᠷᠭᠡᠶᠢᠯᠡᠬᠦ ᠠᠵᠢᠯ ᠨᠢ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠲᠠᠢ ᠬᠤᠯᠪᠣᠭᠳᠠᠨ᠎ᠠ᠂ ︽ᠠᠮᠢ ᠨᠠᠰᠤ ᠶᠢ ᠳᠡᠭᠡᠳᠦᠯᠡᠬᠦ᠂ ᠠᠷᠠᠳ ᠲᠦᠮᠡᠨ ᠢ ᠳᠡᠭᠡᠳᠦᠯᠡᠬᠦ︾ ᠣᠶᠢᠯᠠᠭᠠᠭᠳᠠᠬᠤᠨ ᠢ ᠪᠠᠷᠢᠮᠲᠠᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠴᠢᠨᠠᠭᠰᠢᠳᠠ ᠪᠠᠲᠤᠳᠬᠠᠵᠤ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠮᠢᠨᠴᠦᠭᠦᠷᠡᠬᠦ ᠦᠵᠡᠯ ᠰᠠᠨᠠᠭ᠎ᠠ ᠪᠣᠯᠤᠨ ᠠᠵᠠ ᠵᠠᠪᠰᠢᠶᠠᠨ ᠢ ᠡᠷᠢᠬᠦ ᠪᠤᠳᠤᠯ ᠢ ᠡᠷᠡᠰ ᠬᠤᠷᠢᠭᠯᠠᠵᠤ᠂ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠦᠨᠡᠨᠬᠦ ᠴᠢᠩᠭ᠎ᠠ ᠳᠠᠷᠤᠵᠤ᠂ ᠡᠭᠦᠷᠭᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠭᠦᠢᠴᠡᠳᠬᠡᠵᠦ᠂ ᠨᠠᠷᠢᠨ ᠨᠢᠭᠲᠠ ᠪᠠᠶᠢᠷᠢᠯᠠᠭᠤᠯᠤᠨ ᠲᠤᠬᠢᠷᠠᠭᠤᠯᠵᠤ᠂ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ︽ᠭᠡᠮ ᠰᠣᠭᠤᠭ ᠢ ᠠᠷᠢᠯᠭᠠᠵᠤ᠂ ᠠᠶᠤᠯ ᠲᠦᠭᠰᠢᠭᠦᠷᠢ ᠶᠢ ᠠᠷᠢᠯᠭᠠᠵᠤ᠂ ᠠᠷᠠᠳ ᠤᠨ ᠠᠮᠤᠷ ᠲᠦᠪᠰᠢᠨ ᠢ ᠪᠠᠲᠤᠯᠠᠬᠤ︾ ᠳᠡᠭᠡᠷ᠎ᠡ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号