ᠪᠠᠢ ᠴᠦᠨ ᠯᠸᠢ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/8/9
      8 ᠰᠠᠷ᠎ᠠ ᠶᠢᠨ 8 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ᠃ ᠲᠣᠭᠤᠷᠢᠭ ᠤᠨ ᠤᠳᠤᠷᠢᠳᠤᠯᠭ᠎ᠠ ᠱᠢ ᠯᠢ ᠴᠢᠶᠠᠩ ᠣᠷᠣᠯᠴᠠᠪᠠ᠃      ᠰᠢᠷᠦᠭᠦᠨ ᠪᠣᠷᠣᠭᠠᠨ ᠤ ᠪᠠᠶᠢᠳᠠᠯ ᠳᠤ ᠴᠢᠭᠯᠡᠭᠦᠯᠦᠨ᠂ ᠪᠠᠶ ᠴᠦᠨ ᠯᠸᠢ ᠾᠧᠢ ᠯᠦᠩ ᠬᠦᠶ‌ᠭᠤᠣᠯ᠂ ᠱᠢ ᠮᠧᠨ ᠭᠤᠣᠯ᠂ ᠦᠵᠦᠬᠦᠷ ᠤᠨ ᠠᠮᠤᠷ ᠲᠦᠪᠰᠢᠨ ᠤ ᠦᠶᠡᠷ ᠢ ᠰᠡᠷᠭᠡᠶᠢᠯᠡᠬᠦ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠪᠦᠬᠦ ᠲᠤᠭᠤᠷᠢᠭ ᠢᠶᠠᠷ ᠢᠶᠠᠨ ᠣᠳᠣᠬᠠᠨ ᠤ ᠦᠶᠡᠷ ᠢ ᠰᠡᠷᠭᠡᠶᠢᠯᠡᠬᠦ ᠠᠵᠢᠯ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠢ ᠭᠦᠢᠴᠡᠳ ᠲᠠᠨᠢᠵᠤ᠂ ᠦᠶᠡᠷ ᠢ ᠰᠡᠷᠭᠡᠶᠢᠯᠡᠬᠦ ᠡᠯ᠎ᠡ ᠵᠦᠢᠯ ᠤᠨ ᠪᠡᠯᠡᠳᠬᠡᠯ ᠠᠵᠢᠯ ᠢ ᠴᠢᠩᠭ᠎ᠠ ᠪᠣᠳᠠᠲᠠᠢ ᠨᠠᠷᠢᠯᠢᠭ ᠰᠠᠶᠢᠲᠤᠷ ᠬᠢᠬᠦ ᠬᠡᠷᠡᠭᠲᠡᠢ᠃ ᠡᠯ᠎ᠡ ᠨᠢᠭᠡᠴᠡ ᠨᠦᠭᠦᠳ ᠨᠡᠪᠲᠡᠷᠡᠯᠴᠡᠨ ᠬᠠᠮᠵᠢᠯᠴᠠᠬᠤ ᠪᠠ ᠰᠠᠯᠠᠭ᠎ᠠ ᠮᠥᠴᠢᠷ ᠤᠳ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠲᠤᠭᠤᠷᠢᠭ ᠤᠨ ᠦᠶᠡᠷ ᠢ ᠰᠡᠷᠭᠡᠶᠢᠯᠡᠬᠦ ᠠᠵᠢᠯ ᠤᠨ ᠠᠯᠪᠠᠨ ᠬᠡᠷ ᠨᠢ ᠪᠥᠬᠦ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠦᠶᠡᠷ ᠢ ᠰᠡᠷᠭᠡᠶᠢᠯᠡᠬᠦ ᠬᠦᠴᠦᠨ ᠢ ᠨᠢᠭᠡᠳᠦᠯᠲᠡᠶ ᠲᠥᠯᠥᠪᠯᠡᠨ᠂ ᠮᠠᠨ ᠤ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠡᠯ᠎ᠡ ᠬᠤᠲᠣᠭᠤᠷ ᠭᠠᠵᠠᠷ᠂ ᠠᠮᠠᠷᠬᠠᠨ ᠤᠰᠤᠲᠤᠬᠤ ᠭᠠᠵᠠᠷ᠂ ᠨᠤᠷᠠᠬᠤ ᠠᠶᠤᠯᠲᠠᠶ ᠭᠡᠷ ᠪᠠᠶᠢᠰᠢᠩ ᠤᠨ ᠣᠷᠣᠨ ᠤ ᠬᠥᠮᠦᠰ ᠤᠨ ᠣᠷᠣᠨ ᠰᠠᠭᠤᠴᠠ ᠶᠢᠨ ᠪᠠᠶᠢᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠥᠮᠦᠰ ᠢ ᠰᠢᠯᠵᠢᠭᠦᠯᠬᠦ ᠪᠠ ᠲᠥᠪᠬᠢᠨᠡᠭᠦᠯᠬᠦ ᠠᠵᠢᠯ ᠢ ᠴᠠᠭ ᠲᠤᠬᠠᠶ ᠳᠤᠨᠢ ᠰᠠᠶᠢᠲᠤᠷ ᠬᠢᠬᠦ ᠶᠢᠨ ᠬᠠᠮᠲᠤ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠠᠪᠴᠤ᠂ ᠬᠤᠲᠠ ᠶᠢᠨ ᠲᠣᠭᠤᠷᠢᠭ ᠤᠨ ᠠᠮᠠᠷᠬᠠᠨ ᠤᠰᠤᠲᠤᠬᠤ ᠭᠠᠵᠠᠷ ᠲᠤ ᠤᠰᠤ ᠬᠤᠷᠠᠬᠤ ᠶᠢ ᠴᠠᠭ ᠲᠤᠬᠠᠶ ᠳᠤᠨᠢ ᠠᠷᠢᠯᠭᠠᠵᠤ᠂ ᠬᠥᠮᠦᠨ ᠬᠠᠷ᠎ᠠ ᠦᠬᠦᠵᠦ ᠰᠢᠷᠬᠠᠲᠤᠬᠤ ᠪᠠ ᠡᠳ᠋ ᠬᠥᠷᠥᠩᠭᠡ ᠶᠢᠨ ᠬᠤᠬᠢᠷᠠᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃ ᠭᠤᠣᠯ ᠤᠨ ᠵᠠᠮ ᠢ ᠯᠠᠶᠢᠳᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠭᠤᠤᠯ ᠤᠨ ᠵᠠᠮ ᠤᠨ ᠦᠶᠡᠷ ᠵᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠦᠶᠡᠷ ᠵᠠᠯᠠᠬᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠭᠠᠮᠰᠢᠭ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠪᠠ ᠵᠠᠮ ᠬᠠᠷᠢᠯᠴᠠᠭᠠᠨ ᠤ ᠵᠠᠬᠢᠷᠤᠨ ᠬᠠᠮᠢᠶᠠᠷᠤᠯᠲᠠ ᠶᠢ ᠴᠢᠩᠭᠠᠳᠬᠠᠵᠤ᠂ ᠠᠶᠤᠯ ᠲᠦᠭᠰᠢᠭᠦᠷᠢ ᠲᠠᠢ ᠵᠠᠮ ᠤᠨ ᠬᠡᠰᠡᠭ ᠢ ᠪᠢᠲᠡᠭᠦᠮᠵᠢᠯᠡᠵᠦ᠂ ᠤᠯᠠᠨ ᠲᠦᠮᠡᠨ ᠢ ᠢᠳᠬᠠᠨ ᠳᠠᠭᠠᠭᠤᠯᠵᠤ᠂ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠬᠦ ᠬᠡᠷᠡᠭᠲᠡᠢ᠃ ᠦᠶᠡᠷ ᠤᠨ ᠬᠤᠭᠤᠴᠠᠭᠠᠨ ᠳᠤ 24 ᠴᠠᠭ ᠢᠶᠠᠷ ᠵᠢᠵᠢᠭᠦᠷᠯᠡᠨ ᠰᠠᠬᠢᠬᠤ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠬᠦ ᠤᠷᠢᠳᠴᠢᠯᠠᠨ ᠰᠡᠷᠡᠮᠵᠢᠯᠡᠭᠦᠯᠬᠦ ︽ᠲᠠᠭᠤᠳᠠᠬᠤ︾ ᠲᠣᠭᠲᠠᠴᠠ ᠶᠢ ᠡᠷᠡᠰ ᠨᠠᠶᠢᠳᠠᠪᠤᠷᠢᠵᠢᠭᠤᠯᠵᠤ᠂ ᠭᠡᠨᠡᠳᠲᠡ ᠶᠢᠨ ᠲᠦᠭᠰᠢᠭᠦᠷᠢᠲᠦ ᠪᠠᠶᠢᠳᠠᠯ ᠭᠠᠮᠰᠢᠭ ᠤᠨ ᠪᠠᠶᠢᠳᠠᠯ ᠢ ᠴᠠᠭ ᠲᠤᠬᠠᠶ ᠳᠤᠨᠢ ᠳᠠᠭᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号