ᠷᠠᠰᠠᠩ ᠰᠦᠮ᠎ᠡ ᠪᠠᠯᠭᠠᠰᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ 99 ᠳ᠋ᠦ᠋ᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/11
      9 ᠰᠠᠷ᠎ᠠ ᠶᠢᠨ 10 ᠤ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠶᠤᠸᠠᠢ ᠯᠦᠩ ᠷᠠᠰᠠᠩ ᠰᠦᠮ᠎ᠡ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ 99 ᠳ᠋ᠦ᠋ᠭᠡᠷ ᠤᠳᠠᠭᠠᠨ ᠤ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠵᠢᠷᠭᠤᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠨᠢ ᠮᠠᠨ ᠤ ᠪᠠᠯᠭᠠᠰᠤᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠴᠢᠨᠠᠷ ᠪᠣᠯᠤᠨ ᠵᠠᠶᠢᠯᠠᠰᠢ ᠦᠭᠡᠢ ᠴᠢᠨᠠᠷ ᠢ ᠭᠦᠨᠵᠡᠭᠡᠢ ᠣᠶᠢᠯᠠᠭᠠᠵᠤ᠂ ᠮᠠᠨ ᠤ ᠪᠠᠯᠭᠠᠰᠤᠨ ᠤ ᠣᠳᠣᠬᠠᠨ ᠤ ᠨᠢᠭᠡᠨᠲᠡ ᠪᠦᠷᠢᠯᠳᠦᠭᠰᠡᠨ ᠰᠠᠭᠤᠷᠢ ᠪᠣᠯᠤᠨ ᠠᠰᠢᠭᠲᠠᠢ ᠨᠥᠬᠦᠴᠡᠯ ᠢ ᠭᠦᠨᠵᠡᠭᠡᠢ ᠡᠵᠡᠮᠳᠡᠵᠦ᠂ ᠮᠠᠨ ᠤ ᠪᠠᠯᠭᠠᠰᠤᠨ ᠤ ᠪᠣᠳᠠᠲᠤ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠠᠷᠭ᠎ᠠ ᠵᠠᠮ ᠢ ᠢᠳᠡᠪᠬᠢᠲᠡᠢ ᠰᠦᠪᠡᠭᠴᠢᠯᠡᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠠᠨ ᠤ ᠪᠠᠯᠭᠠᠰᠤᠨ ᠤ ᠲᠤᠷᠰᠢᠯᠭ᠎ᠠ ᠠᠷᠭ᠎ᠠ ᠬᠢᠳᠡᠯ ᠢ ᠳ᠋ᠦᠩᠨᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ ᠶᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢ ᠪᠠᠷ ᠵᠠᠰᠠᠬᠤ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠶ᠋ᠴᠡᠳ ᠲᠠᠨᠢᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢ ᠪᠠᠷ ᠵᠠᠰᠠᠬᠤ ᠶᠢ ᠠᠬᠢᠭᠤᠯᠬᠤ ᠡᠭᠦᠷᠭᠡ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢ ᠪᠠᠷ ᠵᠠᠰᠠᠬᠤ ᠡᠯ᠎ᠡ ᠵᠦᠶ᠋ᠯ ᠤᠨ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠤᠨ ᠠᠬᠢᠭᠤᠯᠵᠤ᠂ ︽ᠵᠠᠮ ᠱᠤᠭᠤᠮ ᠤᠨ ᠵᠢᠷᠤᠭ︾ ᠢ ᠨᠡᠪᠲᠡᠷᠡᠭᠦᠯᠵᠦ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠤᠯᠢ ᠪᠠᠷ ᠵᠠᠰᠠᠬᠤ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号