ᠢᠦᠢ ᡁᠢ ᠶᠦᠩ ᠪᠠᠢ ᠴᠦᠨ ᠯᠸᠢ ᠵᠡᠷᠭᠡ ᠲᠣᠭᠤᠷᠢᠭ ᠤᠨ ᠤᠳᠤᠷᠢᠳᠤᠯᠭ᠎ᠠ ᠪᠦᠬᠦ ᠲᠣᠭᠤᠷᠢᠭ ᠤᠨ ᠥᠷᠭᠡᠨ ᠤᠯᠠᠨ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠵᠥᠩᠨᠡᠯ ᠳᠡᠪᠰᠢᠭᠦᠯᠪᠡ
ᠨᠡᠶᠢᠲᠡᠯᠡᠭᠰᠡᠨ ᠴᠠᠭ᠄
2024/9/11
      9 ᠰᠠᠷ᠎ᠠ ᠶᠢᠨ 9 ᠤ ᠡᠳᠦᠷ ᠠᠴᠠ 10 ᠤ ᠡᠳᠦᠷ ᠪᠣᠯᠲᠠᠯ᠎ᠠ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠢᠦᠶ ᡁᠢ ᠶᠦᠩ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠵᠡᠷᠭᠡ ᠤᠳᠤᠷᠢᠳᠤᠯᠭ᠎ᠠ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠢ ᠲᠥᠯᠥᠭᠡᠯᠡᠨ ᠨᠢᠭᠡᠳᠦᠭᠡᠷ ᠹᠷᠣᠨᠲ ᠤᠨ ᠪᠠᠭᠰᠢ ᠶᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠬᠠᠶᠢᠷ᠎ᠠ ᠬᠠᠯᠠᠮᠵᠢ ᠬᠦᠷᠭᠡᠬᠦ ᠶᠢᠨ ᠬᠠᠮᠲᠤ ᠪᠥᠬᠦ ᠲᠤᠭᠤᠷᠢᠭ ᠤᠨ ᠪᠠᠭᠰᠢ ᠪᠣᠯᠤᠨ ᠥᠷᠭᠡᠨ ᠣᠯᠠᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠪᠡ᠃      ᠢᠦᠢ ᡁᠢ ᠶᠦᠩ ᠤᠷᠢᠳ ᠬᠤᠵᠢᠳ ᠨᠢᠭᠡᠳᠦᠭᠡᠷ ᠹᠷᠣᠨᠲ ᠤᠨ ᠪᠠᠭᠰᠢ ᠴᠧᠨ ᠰᠢᠶᠤᠤ ᠰᠢᠶᠠ᠂ ᠯᠢᠦ ᠮᠧᠢ ᠶᠢᠨ ᠭᠡᠷ ᠲᠤ ᠬᠦᠷᠴᠦ᠂ ᠲᠡᠳᠡᠨ ᠳᠤ ᠪᠠᠶᠠᠷ ᠤᠨ ᠡᠳᠦᠷ ᠤᠨ ᠵᠥᠩᠨᠡᠯ ᠪᠠ ᠬᠠᠶᠢᠷ᠎ᠠ ᠬᠠᠯᠠᠮᠵᠢ ᠬᠦᠷᠭᠡᠭᠰᠡᠨ ᠪᠥᠭᠡᠳ ᠲᠡᠳᠡᠨ ᠤ ᠵᠢᠭᠠᠨ ᠰᠤᠷᠭᠠᠯᠲᠠ᠂ ᠠᠮᠢᠳᠤᠷᠠᠯ ᠵᠡᠷᠭᠡ ᠪᠠᠶᠢᠳᠠᠯ ᠢ ᠳᠣᠲᠣᠨᠣ ᠪᠠᠷ ᠠᠰᠠᠭᠤᠵᠤ᠂ ᠲᠡᠳᠡᠨ ᠤ ᠲᠤᠰᠬᠠᠭᠰᠠᠨ ᠬᠦᠴᠢᠷᠳᠡᠯ ᠪᠠ ᠠᠰᠠᠭᠤᠳᠠᠯ ᠢ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠲᠡᠳᠡᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠪᠠᠶᠢᠷᠢ ᠳᠡᠭᠡᠷ᠎ᠡ ᠭᠠᠷᠭᠠᠭᠰᠠᠨ ᠰᠢᠷᠭᠠᠭᠤ ᠬᠥᠳᠡᠯᠮᠦᠷᠢ ᠪᠠ ᠬᠡᠳᠦᠨ ᠠᠷᠪᠠᠨ ᠵᠢᠯ ᠢ ᠨᠢᠭᠡ ᠡᠳᠦᠷ ᠮᠡᠲᠦ ᠪᠠᠷᠢᠮᠲᠠᠯᠠᠬᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠳᠤᠮᠳᠠ ᠦᠵᠡᠭᠦᠯᠦᠭᠰᠡᠨ ᠯᠤᠲᠤ ᠶᠡᠭᠡ ᠬᠤᠪᠢ ᠨᠡᠮᠡᠷᠢ ᠳᠤ ᠴᠢᠩ ᠰᠡᠳᠬᠢᠯ ᠤᠨ ᠬᠦᠨᠳᠦᠳᠬᠡᠯ ᠢᠶᠠᠨ ᠳᠡᠪᠰᠢᠭᠦᠯᠪᠡ᠃ ᠡᠭᠦᠨ ᠤ ᠬᠠᠮᠲᠤ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠳᠤ ᠨᠢᠭᠡᠳᠦᠭᠡᠷ ᠹᠷᠣᠨᠲ ᠤᠨ ᠪᠠᠭᠰᠢ ᠶᠢᠨ ᠬᠠᠯᠠᠭᠤᠨ ᠳᠤᠯᠠᠭᠠᠨ ᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠡᠯ᠎ᠡ ᠵᠦᠢᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠥᠷᠭᠡᠨ ᠣᠯᠠᠨ ᠪᠠᠭᠰᠢ ᠠᠵᠢᠯᠲᠠᠨ ᠳᠤ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠴᠠᠭ ᠢᠮᠠᠭᠲᠠ ᠮᠡᠳᠡᠷᠡᠭᠦᠯᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠦ ᠵᠠᠬᠢᠪᠠ᠃      ᠪᠠᠢ ᠴᠦᠨ ᠯᠸᠢ ᠤᠷᠢᠳ ᠬᠤᠵᠢᠳ ᠵᠠᠩ ᠽᠢ ᠯᠢᠨ᠂ ᠯᠢᠦ ᠵᠢᠶᠠ ᠵᠢᠶᠠ ᠬᠤᠶᠠᠷ ᠨᠢᠭᠡᠳᠦᠭᠡᠷ ᠹᠷᠣᠨᠲ ᠤᠨ ᠪᠠᠭᠰᠢ ᠶᠢᠨ ᠭᠡᠷ ᠲᠤ ᠬᠦᠷᠴᠦ᠂ ᠲᠡᠳᠡᠨ ᠲᠠᠢ ᠳᠣᠲᠣᠨᠣ ᠪᠠᠷ ᠶᠠᠷᠢᠯᠴᠠᠵᠤ᠂ ᠠᠵᠢᠯ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠵᠤ᠂ ᠲᠡᠳᠡᠨ ᠤ ᠰᠤᠷᠭᠠᠨ ᠬᠥᠮᠦᠵᠢᠯ ᠤᠨ ᠦᠢᠯᠡᠰ ᠲᠤ ᠦᠵᠡᠭᠦᠯᠦᠭᠰᠡᠨ ᠠᠮᠵᠢᠯᠲᠠ ᠶᠢ ᠭᠦᠢᠴᠡᠳ ᠨᠤᠲᠠᠯᠠᠵᠤ᠂ ᠲᠡᠳᠡᠨ ᠤ ᠰᠤᠷᠭᠠᠨ ᠬᠥᠮᠦᠵᠢᠯ ᠤᠨ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠲᠤᠰᠬᠠᠢ ᠮᠡᠷᠭᠡᠵᠢᠯ ᠤᠨ ᠳᠠᠪᠠᠭᠤᠯᠢᠭ ᠪᠣᠯᠤᠨ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠨᠡᠩ ᠤᠯᠠᠨ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠵᠦ᠂ ᠬᠠᠶᠢᠨᠠᠨ ᠤ ᠰᠤᠷᠭᠠᠨ ᠬᠥᠮᠦᠵᠢᠯ ᠤᠨ ᠦᠢᠯᠡᠰ ᠤᠨ ᠲᠠᠬᠢᠨ ᠰᠢᠨ᠎ᠡ ᠳᠡᠭᠲᠡᠷ ᠲᠤ ᠭᠠᠷᠬᠤ ᠳᠤ ᠬᠦᠴᠦᠨ ᠨᠡᠮᠡᠷᠢᠯᠡᠬᠦ ᠶᠢ ᠬᠦᠰᠡᠬᠦ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠨᠢᠭᠡᠳᠦᠭᠡᠷ ᠹᠷᠣᠨᠲ ᠤᠨ ᠪᠠᠭᠰᠢ ᠶᠢ ᠴᠢᠨᠠᠭᠰᠢᠳᠠ ᠬᠠᠯᠠᠮᠵᠢᠯᠠᠨ ᠬᠠᠶᠢᠷᠠᠯᠠᠵᠤ᠂ ᠲᠡᠳᠡᠨ ᠢ ᠦᠨᠡᠨ ᠰᠡᠳᠬᠢᠯ ᠠᠴᠠ ᠪᠠᠨ ᠬᠠᠪᠰᠤᠷᠴᠤ ᠠᠮᠢᠳᠤᠷᠠᠯ ᠤᠨ ᠳᠤᠮᠳᠠᠬᠢ ᠬᠦᠴᠢᠷᠳᠡᠯ ᠪᠣᠯᠤᠨ ᠠᠰᠠᠭᠤᠳᠠᠯ ᠢ ᠨᠢ ᠰᠢᠢᠳᠪᠦᠷᠢᠯᠡᠵᠦ᠂ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠢᠳᠡᠪᠬᠢᠲᠡᠢ ᠪᠤᠢ ᠪᠣᠯᠭᠠᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠤᠷᠭᠠᠨ ᠬᠥᠮᠦᠵᠢᠯ ᠤᠨ ᠦᠢᠯᠡᠰ ᠲᠤ ᠣᠷᠣᠯᠴᠠᠭᠤᠯᠬᠤ ᠬᠡᠷᠡᠭᠲᠡᠢ ᠭᠡᠵᠦ ᠱᠠᠭᠠᠷᠳᠠᠪᠠ᠃      ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠰᠢᠶᠤᠤ ᠴᠢᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠰᠢᠤ ᠹᠠᠩ ᠪᠠᠰᠠ ᠶᠠᠩ ᠰᠦ᠋ ᠵᠢᠤᠸᠠᠨ᠂ ᠭᠦᠸᠧ ᠬᠠᠶ ᠰᠢᠶᠠ᠂ ᠾᠧ ᠬᠠᠶ ᠶᠧ ᠵᠡᠷᠭᠡ ᠨᠢᠭᠡᠳᠦᠭᠡᠷ ᠹᠷᠣᠨᠲ ᠤᠨ ᠪᠠᠭᠰᠢ ᠶᠢ ᠪᠣᠯᠭᠤᠭᠠᠨ ᠲᠣᠬᠤᠨᠢᠭᠤᠯᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号