ᠢᠦᠢ ᡁᠢ ᠶᠦᠩ ᠠᠵᠤ ᠠᠬᠤᠶᠢᠯᠠᠯ ᠳᠤ ᠭᠦᠨᠵᠡᠭᠡᠶᠢᠷᠡᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠨᠡᠭᠦᠷᠡᠰᠦᠨ ᠠᠭᠤᠷᠬᠠᠢ᠂ ᠨᠡᠭᠦᠷᠡᠰᠦ ᠤᠬᠢᠶᠠᠬᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠠᠶᠤᠯᠭᠦᠢ ᠦᠢᠯᠡᠳᠪᠦᠷᠢᠯᠡᠯ ᠪᠠ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/9/11
      9 ᠰᠠᠷ᠎ᠠ ᠶᠢᠨ 10 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠠᠵᠤ ᠠᠬᠤᠶᠢᠯᠠᠯ ᠳᠤ ᠭᠦᠨᠵᠡᠭᠡᠶᠢᠷᠡᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠨᠡᠭᠦᠷᠡᠰᠦᠨ ᠠᠭᠤᠷᠬᠠᠢ᠂ ᠨᠡᠭᠦᠷᠡᠰᠦ ᠤᠬᠢᠶᠠᠬᠤ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠠᠶᠤᠯᠭᠦᠢ ᠦᠢᠯᠡᠳᠪᠦᠷᠢᠯᠡᠯ ᠪᠣᠯᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠯᠢᠦ ᠲᠢᠶᠠᠨ ᠴᠢᠩ᠂ ᠯᠢᠦ ᠵᠢᠶᠠᠨ ᠫᠢᠩ ᠣᠷᠣᠯᠴᠠᠪᠠ᠃      ᠦᠬᠠᠢ ᠬᠤᠳᠠ ᠶᠢᠨ ᠭᠤᠸᠠᠩ ᠶᠤᠸᠠᠨ ᠨᠡᠭᠦᠷᠡᠰᠦ ᠤᠬᠢᠶᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠦ᠋ ᠬᠤᠸᠠ ᠠᠭᠤᠷᠬᠠᠢ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ ᠢᠦᠢ ᡁᠢ ᠶᠦᠩ ᠠᠵᠤ ᠠᠬᠤᠶᠢᠯᠠᠯ ᠤᠨ ᠡᠵᠡᠩᠨᠡᠯᠲᠡ᠂ ᠦᠢᠯᠡᠳᠬᠦᠨ ᠤ ᠪᠣᠷᠣᠯᠠᠭᠤᠯᠭ᠎ᠠ᠂ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠲᠣᠭᠲᠠᠭᠠᠯ︾ ᠳᠤ ︽ᠬᠤᠶᠠᠷ ᠭᠤᠶᠢᠪᠢᠰᠢ ᠦᠭᠡᠢ︾ ᠶᠢ ᠪᠠᠷᠢᠮᠲᠠᠯᠠᠨ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠢᠢᠷᠠᠬᠤ ᠶᠢ ᠤᠯᠠᠮ ᠴᠢᠨᠠᠭᠰᠢᠳᠠ ᠳᠡᠮᠵᠢᠬᠦ ᠢᠯᠡ ᠲᠣᠳᠣ ᠤᠳᠤᠷᠢᠳᠤᠮᠵᠢ ᠶᠢ ᠲᠠᠯᠪᠢᠵᠠᠢ ᠭᠡᠵᠦ ᠲᠣᠳᠣᠷᠬᠠᠢ ᠳᠤᠷᠠᠳᠴᠠᠢ᠃ ᠠᠵᠤ ᠠᠬᠤᠶᠢᠯᠠᠯ ᠤᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠮᠥᠨ ᠴᠢᠨᠠᠷ ᠪᠣᠯᠤᠨ ᠭᠤᠣᠯ ᠴᠢᠬᠤᠯᠠ ᠠᠭᠤᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠬᠥᠭᠵᠢᠯᠲᠡ ᠶᠢᠨ ᠠᠵᠠ ᠲᠣᠬᠢᠶᠠᠯ ᠢ ᠡᠵᠡᠮᠳᠡᠵᠦ᠂ ᠠᠵᠢᠯ ᠲᠦᠷᠦᠯ ᠤᠨ ᠣᠨᠴᠠᠯᠢᠭ᠂ ᠬᠥᠭᠵᠢᠯᠲᠡ ᠶᠢᠨ ᠢᠷᠡᠭᠡᠳᠦᠢ ᠪᠣᠯᠤᠨ ᠲᠤᠰ ᠪᠡᠶ᠎ᠡ ᠶᠢᠨ ᠳᠠᠪᠠᠭᠤᠯᠢᠭ ᠲᠠᠢ ᠪᠠᠨ ᠤᠶᠠᠯᠳᠤᠭᠤᠯᠵᠤ᠂ ᠰᠢᠨ᠎ᠡ ᠶᠢ ᠡᠭᠦᠳᠬᠦ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠭᠤᠣᠯᠯᠠᠭᠴᠢ ᠦᠷᠢᠰᠦᠯᠳᠦᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠤ ᠠᠬᠤᠶᠢᠯᠠᠯ ᠢᠶᠠᠨ ᠪᠤᠵᠠᠭᠠᠶᠢᠷᠠᠭᠤᠯᠤᠨ ᠰᠢᠯᠢᠳᠡᠭᠵᠢᠭᠦᠯᠵᠦ ᠬᠦᠴᠦᠷᠬᠡᠭᠵᠢᠭᠦᠯᠬᠦ ᠪᠠᠷ ᠴᠢᠷᠮᠠᠶᠢᠵᠤ᠂ ᠬᠠᠶᠢᠨᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠠᠮᠤᠷ ᠲᠦᠪᠰᠢᠨ ᠪᠣᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠢ ᠠᠬᠤᠢ᠂ ᠠᠵᠤ ᠠᠬᠤᠢ᠂ ᠨᠡᠶᠢᠭᠡᠮ ᠤᠨ ᠦᠷ᠎ᠡ ᠠᠰᠢᠭ ᠢ ᠬᠠᠮᠲᠤ ᠪᠠᠷ ᠬᠦᠷᠲᠡᠬᠦ ᠶᠢ ᠪᠡᠶᠡᠯᠡᠭᠦᠯᠬᠦ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠥᠭᠡᠷᠡᠴᠢᠯᠡᠯᠲᠡ ᠶᠢᠨ ᠠᠷᠭ᠎ᠠ ᠪᠣᠯᠤᠨ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠠᠷ ᠠᠵᠤ ᠠᠬᠤᠶᠢᠯᠠᠯ ᠤᠨ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠴᠢᠨᠠᠭᠰᠢᠳᠠ ᠰᠢᠯᠢᠳᠡᠭᠵᠢᠭᠦᠯᠵᠦ᠂ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠰᠢᠢᠳᠪᠦᠷᠢᠯᠡᠵᠦ᠂ ᠠᠵᠤ ᠠᠬᠤᠶᠢᠯᠠᠯ ᠢ ᠬᠠᠶᠢᠨᠠᠨ ᠳᠤ ᠰᠠᠨᠠᠭ᠎ᠠ ᠠᠮᠤᠷ ᠪᠡᠯᠡ ᠣᠷᠣᠭᠤᠯᠵᠤ᠂ ᠰᠠᠨᠠᠭ᠎ᠠ ᠠᠮᠤᠷ ᠡᠵᠡᠩᠨᠡᠵᠦ᠂ ᠰᠡᠳᠬᠢᠯ ᠲᠠᠯᠪᠢᠨ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠬᠢ ᠶᠢᠨ ᠬᠠᠶᠢᠨᠠᠨ ᠶᠡᠭᠡ ᠠᠩᠬᠢ᠂ ᠦᠬᠠᠢ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠠᠶᠢᠨᠠᠨ ᠲᠣᠭᠤᠷᠢᠭ ᠤᠨ ᠬᠤᠪᠢᠶᠠᠷᠢ ᠲᠤᠪᠴᠢᠶ᠎ᠠ ᠳᠤ᠂ ᠢᠦᠢ ᡁᠢ ᠶᠦᠩ ᠬᠠᠶᠢᠨᠠᠨ ᠲᠣᠭᠤᠷᠢᠭ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠬᠤ ᠪᠠᠷ ᠤᠳᠤᠷᠢᠳᠤᠮᠵᠢ ᠪᠣᠯᠭᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠵᠠᠮ ᠬᠠᠷᠢᠯᠴᠠᠭᠠᠨ ᠤ ᠡᠮᠬᠢ ᠳᠢᠭᠯᠢᠮ ᠤᠨ ᠬᠠᠮᠢᠶᠠᠷᠤᠯᠲᠠ᠂ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠡᠳᠦᠷ ᠲᠤᠲᠤᠮ ᠤᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠵᠡᠷᠭᠡ ᠠᠵᠢᠯ ᠢ ᠰᠠᠶᠢᠲᠤᠷ ᠬᠢᠵᠦ᠂ ᠵᠠᠮ ᠬᠠᠷᠢᠯᠴᠠᠭᠠᠨ ᠤ ᠳᠣᠬᠢᠶᠠᠨ ᠤ ᠲᠥᠬᠦᠭᠡᠷᠦᠮᠵᠢ ᠶᠢᠨ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠠᠮᠤᠷ ᠲᠦᠪᠰᠢᠨ ᠤ ᠰᠡᠷᠡᠮᠵᠢᠯᠡᠭᠦᠯᠬᠦ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠥᠷᠭᠡᠨ ᠣᠯᠠᠨ ᠲᠦᠮᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠦᠨᠡᠨ ᠬᠦ ᠴᠢᠩᠭᠠᠳᠬᠠᠵᠤ᠂ ᠵᠠᠮ ᠬᠠᠷᠢᠯᠴᠠᠭᠠᠨ ᠤ ᠠᠳᠡᠯ ᠭᠠᠷᠬᠤ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠨ ᠪᠠᠭᠠᠰᠬᠠᠬᠤ ᠬᠡᠷᠡᠭᠲᠡᠶ ᠭᠡᠵᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号