ᠪᠠᠢ ᠴᠦᠨ ᠯᠸᠢ ᠪᠥᠬᠦ  ᠲᠣᠭᠤᠷᠢᠭ ᠤᠨ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/11
      9 ᠰᠠᠷ᠎ᠠ ᠶᠢᠨ 10 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠪᠥᠬᠦ ᠲᠤᠭᠤᠷᠢᠭ ᠤᠨ ᠭᠤᠤᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ︽ᠲᠠᠪᠤᠨ ᠶᠡᠭᠡ ᠡᠭᠦᠷᠭᠡ︾ ᠶᠢᠨ ᠡᠯ᠎ᠡ ᠵᠦᠢᠯ ᠤᠨ ᠰᠢᠯᠭᠠᠨ ᠬᠢᠨᠠᠬᠤ ᠭᠦᠢᠴᠡᠳᠭᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠪᠠᠶᠢᠳᠠᠯ᠂ ᠳᠤᠯᠠᠭᠠᠯᠠᠭ᠎ᠠ ᠶᠢᠨ ᠢᠨᠵᠧᠨᠧᠷᠢᠩ ᠤᠨ ᠠᠵᠢᠯ ᠢ ᠠᠬᠢᠭᠤᠯᠤᠭᠰᠠᠨ ᠪᠠᠶᠢᠳᠠᠯ᠂ ᠪᠥᠬᠦ ᠲᠤᠭᠤᠷᠢᠭ ᠤᠨ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠬᠦ ᠶᠢ ᠴᠡᠭᠴᠡᠯᠡᠨ ᠰᠠᠶᠢᠵᠢᠷᠠᠭᠤᠯᠤᠭᠰᠠᠨ᠂ ᠨᠡᠭᠦᠷᠡᠰᠦᠨ ᠤ ᠪᠤᠰᠤ ᠠᠭᠤᠷᠬᠠᠶ ᠶᠢ ᠡᠮᠬᠢᠯᠡᠨ ᠨᠡᠶᠢᠯᠡᠭᠦᠯᠬᠦ ᠠᠵᠢᠯ ᠢ ᠠᠬᠢᠭᠤᠯᠤᠭᠰᠠᠨ ᠪᠠᠶᠢᠳᠠᠯ ᠪᠠ ︽ᠬᠤᠶᠠᠷ ᠬᠦᠨᠳᠦ︾ ︽ᠬᠤᠶᠠᠷ ᠰᠢᠨ᠎ᠡ︾ ᠲᠥᠷᠥᠯ ᠵᠦᠢᠯ ᠢ ᠨᠥᠭᠡᠴᠡᠯᠡᠬᠦ ᠵᠢᠴᠢ 2025 ᠣᠨ ᠤ ᠭᠤᠤᠯᠳᠠᠯᠭ᠎ᠠ ᠲᠠᠢ ᠲᠥᠷᠥᠯ ᠵᠦᠢᠯ ᠢ ᠨᠥᠭᠡᠴᠡᠯᠡᠭᠰᠡᠨ ᠪᠠᠶᠢᠳᠠᠯ ᠵᠡᠷᠭᠡ ᠶᠢ ᠰᠣᠨᠣᠰᠴᠤ᠂ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠤᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠴᠢᠨᠠᠷ ᠰᠠᠶᠢᠲᠠᠢ ᠬᠥᠭᠵᠢᠯᠲᠡ ᠭᠡᠬᠦ ᠡᠨᠡᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠨᠡᠩ ᠬᠦᠴᠦᠯᠡᠨ ᠴᠢᠷᠮᠠᠶᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠡᠯ᠎ᠡ ᠵᠦᠢᠯ ᠤᠨ ᠠᠵᠢᠯ ᠤᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ᠃ ︽ᠲᠠᠪᠤᠨ ᠶᠡᠭᠡ ᠡᠭᠦᠷᠭᠡ︾ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠳ ᠵᠥᠷᠢᠶ᠎ᠡ ᠪᠠ ᠬᠦᠷᠦᠯᠴᠡᠬᠦ ᠥᠬᠡᠶ ᠲᠠᠯ᠎ᠠ ᠪᠠᠨ ᠨᠠᠷᠢᠨ ᠬᠢᠨᠠᠮᠠᠭᠠᠶ ᠪᠠᠶᠢᠴᠠᠭᠠᠨ ᠳᠡᠯᠭᠡᠵᠦ᠂ ᠬᠠᠷᠠᠯᠲᠠ ᠶᠢᠨ ᠬᠢᠨᠠᠨ ᠰᠢᠯᠭᠠᠬᠤ ᠱᠠᠭᠠᠷᠳᠠᠯᠭ᠎ᠠ ᠪᠠᠷ ᠪᠠᠷᠢᠮᠵᠢᠶᠠᠯᠠᠨ ᠬᠠᠷᠭᠤᠭᠤᠯᠵᠤ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠴᠢᠩᠭ᠎ᠠ ᠠᠳᠬᠤᠨ᠂ ᠲᠠᠩᠰᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠱᠠᠯᠠᠪᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠵᠦ᠂ ᠭᠤᠤᠯᠳᠠᠯᠭ᠎ᠠ ᠲᠠᠢ ᠰᠢᠪᠲᠤᠯᠤᠯᠲᠠ ᠪᠠᠷ ︽ᠲᠠᠪᠤᠨ ᠶᠡᠭᠡ ᠡᠭᠦᠷᠭᠡ︾ ᠶᠢᠨ ᠪᠦᠬᠦᠯᠢ ᠴᠣᠭᠴᠠ ᠶᠢᠨ ᠠᠮᠵᠢᠯᠲᠠ ᠤᠯᠬᠤ ᠶᠢ ᠳᠠᠶᠢᠴᠢᠯᠠᠬᠤ ᠬᠡᠷᠡᠭᠲᠡᠶ᠃ ︽ᠬᠤᠶᠠᠷ ᠴᠢᠬᠤᠯᠠ︾ ︽ᠬᠤᠶᠠᠷ ᠰᠢᠨ᠎ᠡ︾ ᠪᠠ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠣᠳᠠᠲᠠᠢ ᠶᠢ ᠡᠷᠬᠢᠮᠯᠡᠨ ᠠᠬᠢᠭᠤᠯᠬᠤ ᠬᠡᠷᠡᠭᠲᠡᠢ᠃ ᠬᠥᠭᠵᠢᠯᠲᠡ ᠶᠢᠨ ᠬᠡᠷᠡᠭᠴᠡᠭᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠬᠡᠷᠡᠭᠴᠡᠭᠡ ᠪᠣᠯᠤᠨ ᠣᠯᠠᠨ ᠲᠦᠮᠡᠨ ᠤ ᠬᠡᠷᠡᠭᠯᠡᠭᠡᠨ ᠤ ᠬᠡᠷᠡᠭᠴᠡᠭᠡ ᠶᠢ ᠦᠨᠳᠦᠰᠦᠯᠡᠨ᠂ ᠲᠥᠷᠥ ᠶᠢᠨ ᠪᠣᠳᠣᠯᠭ᠎ᠠ ᠶᠢᠨ ᠴᠢᠭᠯᠡᠯ ᠢ ᠤᠯᠠᠮ ᠨᠢᠭᠡ ᠠᠯᠬᠤᠮ ᠣᠨᠣᠪᠴᠢᠲᠠᠶ ᠡᠵᠡᠮᠳᠡᠵᠦ᠂ ᠲᠥᠷᠥᠯ ᠵᠦᠢᠯ ᠤᠨ ᠨᠥᠭᠡᠴᠡᠯᠡᠬᠦ ᠪᠠᠭᠲᠠᠭᠠᠮᠵᠢ ᠶᠢ ᠥᠷᠭᠡᠳᠬᠡᠨ᠂ ᠲᠥᠷᠥᠯ ᠵᠦᠢᠯ ᠤᠨ ᠶᠡᠷᠦᠩᠬᠡᠶ ᠬᠡᠮᠵᠢᠶ᠎ᠡ ᠶᠢ ᠪᠤᠵᠠᠭᠠᠶᠢᠷᠠᠭᠤᠯᠤᠭᠰᠠᠨ ᠰᠠᠭᠤᠷᠢᠨ ᠳᠡᠭᠡᠷ᠎ᠡ᠂ ᠨᠥᠭᠡᠴᠡᠯᠡᠬᠦ ᠲᠥᠷᠥᠯ ᠵᠦᠢᠯ ᠤᠨ ᠶᠡᠷᠦᠩᠬᠡᠶ ᠬᠡᠮᠵᠢᠶ᠎ᠡ ᠶᠢᠨ ᠰᠠᠭᠤᠷᠢᠨ ᠳᠡᠭᠡᠷ᠎ᠡ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠨᠠᠷᠢᠯᠢᠭ ᠬᠢᠵᠦ᠂ ᠲᠥᠷᠥᠯ ᠵᠦᠢᠯ ᠤᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠷᠠᠭᠤᠯᠤᠨ᠂ ᠡᠮᠦᠨᠡᠬᠢ ᠬᠤᠭᠤᠴᠠᠭᠠᠨ ᠤ ᠠᠵᠢᠯ ᠤᠨ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠥᠷᠥᠯ ᠵᠦᠢᠯ ᠢ ᠲᠦᠷᠭᠡᠬᠡᠨ ᠨᠠᠶᠢᠳᠠᠪᠤᠷᠢᠵᠢᠭᠤᠯᠵᠤ᠂ ᠠᠯᠢ ᠲᠦᠷᠭᠡᠨ ᠢᠶᠠᠷ ᠬᠡᠷᠡᠭᠵᠢᠭᠦᠯᠬᠦ ᠶᠢ ᠠᠬᠢᠭᠤᠯᠤᠨ᠂ ᠪᠥᠬᠦ ᠵᠢᠯ ᠤᠨ ᠠᠵᠤ ᠠᠬᠤᠶ ᠶᠢᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠬᠠᠤᠯᠢ ᠲᠣᠭᠲᠠᠭᠠᠯ ᠢ ᠵᠥᠷᠢᠴᠡᠨ ᠭᠠᠵᠠᠷ ᠬᠡᠷᠡᠭᠯᠡᠬᠦ ᠶᠢ ᠴᠡᠭᠴᠡᠯᠡᠨ ᠰᠠᠶᠢᠵᠢᠷᠠᠭᠤᠯᠬᠤ᠂ ᠨᠡᠭᠦᠷᠡᠰᠦᠨ ᠤ ᠪᠤᠰᠤ ᠠᠭᠤᠷᠬᠠᠶ ᠶᠢ ᠡᠮᠬᠢᠯᠡᠨ ᠨᠡᠶᠢᠯᠡᠭᠦᠯᠬᠦ ᠠᠵᠢᠯ ᠤᠨ ᠠᠬᠢᠴᠠ ᠶᠢ ᠲᠦᠷᠭᠡᠳᠬᠡᠬᠦ ᠬᠡᠷᠡᠭᠲᠡᠶ᠃ ︽ᠬᠠᠳᠠᠭᠠᠯᠠᠭᠳᠠᠴᠠ ᠶᠢ ᠪᠠᠭᠠᠰᠬᠠᠵᠤ᠂ ᠨᠡᠮᠡᠭᠳᠡᠯ ᠢ ᠬᠤᠷᠢᠭᠯᠠᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ ᠡᠯ᠎ᠡ ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠨ ᠭᠠᠵᠠᠷ ᠬᠡᠷᠡᠭᠯᠡᠬᠦ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠬᠦᠴᠦᠲᠡᠶ ᠠᠬᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠲᠦᠷᠭᠡᠳᠬᠡᠨ᠂ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ ᠠᠴᠠ ᠵᠥᠷᠢᠴᠡᠭᠰᠡᠨ ᠪᠠᠶᠢᠳᠠᠯ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ︔ ᠨᠡᠭᠦᠷᠡᠰᠦᠨ ᠤ ᠪᠤᠰᠤ ᠠᠭᠤᠷᠬᠠᠶ ᠶᠢ ᠡᠮᠬᠢᠯᠡᠨ ᠨᠡᠶᠢᠯᠡᠭᠦᠯᠬᠦ ᠠᠵᠢᠯ ᠢ ᠲᠦᠷᠭᠡᠳᠬᠡᠨ ᠠᠬᠢᠭᠤᠯᠵᠤ᠂ ᠬᠠᠨᠳᠤᠯᠭᠠᠲᠤ ᠴᠢᠨᠠᠷᠲᠠᠶ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠨᠡᠭᠦᠷᠡᠰᠦᠨ ᠤ ᠪᠤᠰᠤ ᠠᠭᠤᠷᠬᠠᠶ ᠶᠢ ᠡᠮᠬᠢᠯᠡᠨ ᠨᠡᠶᠢᠯᠡᠭᠦᠯᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠲᠦᠯᠬᠢᠨ ᠠᠬᠢᠭᠤᠯᠬᠤ ᠬᠡᠷᠡᠭᠲᠡᠶ᠃ ︽ᠳᠤᠯᠠᠭᠠᠨ ᠢᠨᠵᠧᠨᠧᠷᠢᠩ︾ ᠢ ᠲᠥᠯᠥᠪᠯᠡᠭᠡ ᠶᠣᠰᠣᠭᠠᠷ ᠡᠮᠬᠢ ᠵᠢᠷᠤᠮ ᠲᠠᠢ ᠬᠡᠷᠡᠭᠵᠢᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠪᠦᠲᠦᠭᠡᠨ ᠪᠠᠶᠢᠭᠤᠯᠬᠤ ᠠᠵᠢᠯ ᠤᠨ ᠬᠤᠭᠤᠴᠠᠭ᠎ᠠ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠢᠯᠠᠩᠭᠤᠶ᠎ᠠ ᠢᠯᠴᠢ ᠬᠠᠩᠭᠠᠬᠤ ᠬᠤᠭᠤᠯᠠᠶ ᠶᠢᠨ ᠲᠣᠣᠷ ᠢ ᠥᠭᠡᠷᠡᠴᠢᠯᠡᠬᠦ ᠵᠢᠴᠢ ᠪᠡᠯᠡᠳᠬᠡᠮᠵᠢ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠲᠥᠷᠥᠯ ᠤᠨ ᠪᠠᠷᠢᠯᠭ᠎ᠠ ᠶᠢ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠬᠦ ᠶᠢᠨ ᠬᠠᠮᠲᠤ ᠲᠥᠷᠥᠯ ᠵᠦᠢᠯ ᠢ ᠬᠢᠨᠠᠨ ᠵᠢᠯᠣᠭᠤᠳᠬᠤ ᠪᠠᠨ ᠴᠢᠩᠭᠠᠳᠬᠠᠵᠤ᠂ ᠠᠮᠤᠷ ᠲᠦᠪᠰᠢᠨ ᠤ ᠶᠠᠰᠤ ᠴᠢᠨᠠᠷ ᠤᠨ ᠪᠠᠷᠢᠮᠵᠢᠶ᠎ᠠ ᠵᠡᠷᠭᠡ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ᠂ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠲᠥᠷᠥᠯ ᠵᠦᠢᠯ ᠢ ᠴᠠᠭ ᠲᠤᠬᠠᠶ ᠳᠤᠨᠢ ᠳᠠᠭᠤᠰᠬᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号