ᠬᠦᠬᠤᠰᠣ ᠪᠠᠯᠭᠠᠰᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/19
      ︽ᠤᠯᠤᠰ ᠤᠨ ᠪᠠᠶᠠᠷ︾ ᠤᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠠᠬᠢ ᠠᠶᠤᠯᠭᠦᠶ ᠦᠶ᠋ᠯᠡᠳᠪᠦᠷᠢᠯᠡᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠬᠠᠷᠢᠶᠠᠲᠤ ᠣᠷᠣᠨ ᠤ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ 9 ᠰᠠᠷ᠎ᠠ ᠶᠢᠨ 19 ᠤ ᠡᠳᠦᠷ᠂ ᠬᠦᠬᠤᠰᠣ ᠪᠠᠯᠭᠠᠰᠤ ᠤᠯᠤᠰ ᠤᠨ ᠪᠠᠶᠠᠷ ᠤᠨ ᠠᠮᠠᠷᠠᠯᠲᠠ ᠶᠢᠨ ᠡᠳᠦᠷ ᠠᠴᠠ ᠡᠮᠦᠨᠡᠬᠢ ᠠᠶᠤᠯᠭᠦᠶ ᠦᠶ᠋ᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ᠃      ᠬᠤᠷᠠᠯ ᠠᠴᠠ ᠦᠬᠠᠢ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠤᠢᠢᠷ᠎ᠠ ᠶᠢᠨ ᠬᠤᠭᠤᠴᠠᠭᠠᠨ ᠤ ᠬᠤᠶᠠᠷ ᠤᠳᠠᠭ᠎ᠠ ᠶᠢᠨ ᠠᠶᠤᠯᠭᠦᠢ ᠦᠢᠯᠡᠳᠪᠦᠷᠢᠯᠡᠯ ᠤᠨ ᠠᠳᠡᠯ ᠤᠨ ᠲᠤᠬᠠᠢ ᠵᠠᠷᠯᠠᠯ᠂ ᠬᠠᠶᠢᠨᠠᠨ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠬᠥᠬᠡᠬᠤᠲᠠ ᠶᠢᠨ ︽8.19︾ ᠤ ᠠᠳᠡᠯ ᠤᠨ ᠰᠤᠷᠭᠠᠮᠵᠢ ᠶᠢ ᠭᠦᠨᠵᠡᠭᠡᠢ ᠰᠢᠩᠭᠡᠭᠡᠨ ᠠᠪᠴᠤ ᠦᠢᠯᠡᠳᠪᠦᠷᠢᠯᠡᠵᠦ ᠬᠠᠳᠠᠭᠠᠯᠠᠬᠤ ᠡᠲ᠋ᠧᠨ ᠤ ᠬᠥᠭᠡᠰᠦᠷᠡᠯ ᠤᠨ ᠦᠢᠯᠡᠳᠪᠦᠷᠢ ᠶᠢᠨ ᠭᠡᠷ᠂ ᠬᠥᠮᠥᠷᠭᠡ ᠶᠢᠨ ᠭᠠᠯ ᠤᠨ ᠠᠶᠤᠯ ᠤᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠲᠥᠪᠯᠡᠷᠡᠭᠦᠯᠦᠨ ᠥᠷᠨᠢᠭᠦᠯᠬᠦ ᠲᠤᠬᠠᠢ ᠮᠡᠳᠡᠭᠳᠡᠯ᠂ ᠬᠠᠶᠢᠨᠠᠨ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠨᠠᠭᠰᠢᠳᠠ ᠰᠠᠶᠢᠲᠤᠷ ᠬᠢᠬᠦ ᠲᠤᠬᠠᠢ ᠮᠡᠳᠡᠭᠳᠡᠯ ᠢ ᠤᠯᠠᠮᠵᠢᠯᠠᠭᠰᠠᠨ ᠪᠥᠭᠡᠳ ᠬᠤᠯᠪᠣᠭᠳᠠᠯ ᠪᠦᠬᠦᠢ ᠠᠵᠢᠯ ᠤᠨ ᠲᠤᠬᠢᠷᠠᠭᠤᠯᠤᠯᠳᠠ ᠶᠢ ᠪᠠᠶᠢᠷᠢᠯᠠᠭᠤᠯᠵᠠᠢ᠃      ᠬᠤᠷᠠᠯ ᠠᠴᠠ᠂ ᠨᠢᠭᠡ ᠳᠤ᠂ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠠᠭ ᠢᠮᠠᠭᠲᠠ ᠴᠢᠩᠭᠠᠯᠠᠬᠤ ᠬᠡᠷᠡᠭᠲᠡᠢ᠃ ᠭᠠᠯ ᠤᠨᠲᠠᠷᠠᠭᠠᠬᠤ᠂ ᠭᠤᠣᠯ ᠤᠨ ᠵᠠᠮ᠂ ᠴᠠᠬᠢᠯᠭᠠᠨ ᠬᠡᠷᠡᠭᠯᠡᠬᠦ ᠵᠡᠷᠭᠡ ᠲᠠᠯ᠎ᠠ ᠶᠢᠨ ᠠᠶᠤᠯ ᠲᠦᠭᠰᠢᠭᠦᠷᠢ ᠶᠢ ᠭᠤᠣᠯᠳᠠᠯᠭ᠎ᠠ ᠲᠠᠢ ᠠᠩᠬᠠᠷᠴᠤ᠂ ᠭᠤᠣᠯᠳᠠᠯᠭ᠎ᠠ ᠲᠠᠢ ᠬᠦᠷᠢᠶᠡᠨ ᠳᠠᠬᠢ ᠬᠥᠳᠡᠯᠦᠩᠭᠦᠢ ᠬᠤᠪᠢᠷᠠᠯᠲᠠ ᠶᠢ ᠨᠢᠭᠲᠠ ᠠᠩᠬᠠᠷᠴᠤ᠂ ᠳᠠᠯᠳᠠ ᠠᠮᠤᠷ ᠲᠦᠪᠰᠢᠨ ᠤ ᠳᠠᠯᠳᠠ ᠭᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠰᠢᠢᠳᠪᠦᠷᠢᠯᠡᠵᠦ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ ᠬᠡᠷᠡᠭᠲᠡᠢ︔ ᠬᠤᠶᠠᠷ ᠲᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠠᠮᠤᠷ ᠲᠦᠪᠰᠢᠨ ᠤ ᠦᠵᠡᠯ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠸᠢᠴᠠᠲ ᠤᠨ ᠴᠤᠭᠯᠠᠷᠠᠯ᠂ ᠰᠦᠯᠵᠢᠶᠡᠨ ᠤ ᠪᠦᠯᠦᠭᠯᠡᠯ᠂ ᠷᠠᠳᠢᠣ᠋ ᠨᠡᠪᠲᠡᠷᠡᠭᠦᠯᠭᠡ ᠶᠢᠨ ᠲᠣᠮᠣ ᠳᠡᠯᠭᠡᠴᠡ ᠵᠡᠷᠭᠡ ᠶᠢ ᠠᠰᠢᠭᠯᠠᠨ ᠥᠷᠭᠡᠨ ᠳᠡᠯᠭᠡᠷ ᠤᠬᠠᠭᠤᠯᠭ᠎ᠠ ᠬᠢᠵᠦ᠂ ᠡᠯ᠎ᠡ ᠲᠥᠷᠥᠯ ᠤᠨ ᠠᠮᠤᠷ ᠲᠦᠪᠰᠢᠨ ᠤ ᠭᠠᠯ ᠤᠨᠲᠠᠷᠠᠭᠠᠬᠤ ᠵᠡᠷᠭᠡ ᠮᠡᠳᠡᠯᠭᠡ ᠶᠢ ᠲᠦᠭᠡᠮᠡᠯᠵᠢᠭᠦᠯᠦᠨ᠂ ᠰᠠᠭᠤᠭᠠᠯᠢ ᠠᠷᠠᠳ ᠤᠨ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ᠭᠤᠷᠪᠠ ᠳᠤ᠂ ᠵᠢᠵᠢᠭᠦᠷᠯᠡᠨ ᠰᠠᠬᠢᠬᠤ ᠶᠢ ᠴᠢᠩᠳᠠᠯᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ 24 ᠴᠠᠭ ᠢᠶᠠᠷ ᠠᠵᠢᠯ ᠤᠨ ᠪᠠᠶᠢᠷᠢ ᠳᠤ ᠵᠢᠵᠢᠭᠦᠷᠯᠡᠨ ᠰᠠᠬᠢᠬᠤ ᠵᠢᠴᠢ ᠭᠠᠳᠠᠭᠰᠢ ᠭᠠᠷᠴᠤ ᠮᠡᠳᠡᠭᠦᠯᠦᠨ ᠳᠠᠩᠰᠠᠯᠠᠭᠤᠯᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠵᠢᠵᠢᠭᠦᠷ ᠤᠨ ᠪᠤᠰᠤ ᠬᠥᠮᠦᠰ ᠳ᠋ᠢᠶᠠᠩᠬᠤᠸᠠ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠵᠤ᠂ ᠪᠠᠴᠢᠮ ᠪᠠᠶᠢᠳᠠᠯ ᠲᠤᠯᠭᠠᠷᠠᠪᠠᠯ᠂ ᠭᠡᠨᠡᠳᠲᠡ ᠡᠭᠦᠰᠬᠦ ᠪᠠᠶᠢᠳᠠᠯ ᠲᠤᠯᠭᠠᠷᠠᠪᠠᠯ ᠬᠤᠯᠪᠣᠭ᠎ᠠ ᠠᠪᠴᠤ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠵᠤ᠂ ᠡᠯ᠎ᠡ ᠲᠥᠷᠥᠯ ᠤᠨ ᠪᠠᠴᠢᠮ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ ᠴᠢᠳᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号