9 ᠰᠠᠷ᠎ᠠ ᠶᠢᠨ 11 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠪᠠᠶ ᠴᠦᠨ ᠯᠸᠢ ᠭᠤᠤᠯᠳᠠᠯᠭ᠎ᠠ ᠲᠠᠢ ᠲᠥᠷᠥᠯ ᠵᠦᠢᠯ ᠵᠢᠴᠢ ᠬᠠᠯᠠᠭᠤᠨ ᠳᠤᠯᠠᠭᠠᠨ | ᠢᠨᠵᠧᠨᠧᠷᠢᠩ ᠤᠨ ᠠᠵᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ | ᠱᠢ ᠯᠢ ᠴᠢᠶᠠᠩ᠂ ᠸᠠᠩ ᠶᠦᠩ ᠱᠧᠩ᠂ ᠶᠠᠩ ᠽᠧ ᠢᠦᠢ ᠣᠷᠣᠯᠴᠠᠪᠠ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠠᠶ ᠴᠦᠨ ᠯᠸᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ | ᠬᠠᠷᠢᠭᠤ ᠮᠡᠳᠡᠭᠦᠯᠦᠯᠲᠡ ᠰᠣᠨᠣᠰᠬᠤ ᠬᠡᠯᠪᠡᠷᠢ ᠪᠠᠷ ᠳᠠᠮᠵᠢᠭᠤᠯᠤᠨ᠂ ᠾᠧ ᠯᠢ ᠬᠢᠮᠢ ᠶᠢᠨ ᠰᠢᠷᠬᠡᠭᠯᠢᠭ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠶ᠋ᠯ᠂ ᠬᠠᠶ ᠶᠠ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠨᠡᠶᠢᠲᠡ ᠶᠢᠨ | ᠰᠠᠭᠤᠴᠠ ᠶᠢᠨ ᠠᠰᠠᠷ ᠤᠨ ᠲᠥᠷᠥᠯ ᠵᠦᠶ᠋ᠯ᠂ ᠵᠢᠶᠠ ᠾᠧ ᠵᠢᠵᠢᠭ ᠲᠣᠭᠤᠷᠢᠭ ᠤᠨ ᠵᠡᠭᠦᠨ ᠲᠠᠯ᠎ᠠ ᠶᠢᠨ | ᠬᠤᠳᠠᠯᠳᠤᠭᠠᠨ ᠤ ᠠᠰᠠᠷ ᠤᠨ ᠲᠥᠷᠥᠯ ᠵᠦᠶ᠋ᠯ᠂ ᠸᠧᠨ ᠵᠥᠩ ᠱᠠᠩ ᠱᠧᠩ ᠱᠢ ᠠᠵᠢᠯᠲᠠᠨ ᠠᠵᠢᠯᠴᠢᠨ ᠤ | ᠨᠡᠶᠢᠲᠡ ᠶᠢᠨ ᠣᠷᠣᠨ ᠰᠠᠭᠤᠴᠠ ᠶᠢᠨ ᠠᠰᠠᠷ ᠤᠨ ᠲᠥᠷᠥᠯ ᠵᠦᠶ᠋ᠯ ᠢ ᠠᠬᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ | ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠬᠠᠷᠠᠯᠲᠠ ᠪᠣᠯᠭᠠᠵᠤ᠂ ᠨᠠᠩ ᠴᠢᠩᠭ᠎ᠠ ᠱᠠᠭᠠᠷᠳᠠᠯᠭ᠎ᠠ᠂ ᠨᠠᠩ ᠴᠢᠨᠠᠷ ᠰᠠᠶᠢᠲᠠᠶ ᠲᠥᠷᠥᠯ | ᠵᠦᠶ᠋ᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠠᠷᠢᠶᠠᠲᠤ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠬᠡᠷᠡᠭᠲᠡᠶ᠃ ᠣᠳᠣᠬᠠᠨ ᠤ ᠪᠠᠷᠢᠯᠭ᠎ᠠ ᠶᠢᠨ ᠠᠵᠢᠯ ᠤᠨ ︽ᠰᠢᠵᠢᠷ ᠠᠯᠲᠠᠨ ᠬᠤᠭᠤᠴᠠᠭ᠎ᠠ︾ | ᠶᠢ ᠤᠯᠠᠮ ᠨᠢᠭᠡ ᠠᠯᠬᠤᠮ ᠵᠠᠪᠳᠤᠨ ᠠᠳᠬᠤᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠳᠤᠮᠳᠠ | ᠲᠤᠯᠭᠠᠷᠠᠭᠰᠠᠨ ᠬᠦᠴᠢᠷ ᠠᠰᠠᠭᠤᠳᠠᠯ ᠢ ᠢᠳᠡᠪᠬᠢᠲᠡᠶ ᠵᠣᠬᠢᠴᠠᠭᠤᠯᠤᠨ ᠰᠢᠢᠳᠪᠦᠷᠢᠯᠡᠵᠦ᠂ ᠲᠥᠷᠥᠯ ᠵᠦᠢᠯ ᠤᠨ | ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠡᠳᠬᠢᠯ ᠳᠡᠯᠪᠢᠨ ᠬᠦᠴᠦᠯᠡᠨ ᠰᠠᠶᠢᠲᠤᠷ ᠬᠢᠵᠦ᠂ ᠲᠥᠷᠥᠯ ᠵᠦᠢᠯ ᠤᠨ | ᠠᠮᠤᠷ ᠲᠦᠪᠰᠢᠨ ᠡᠮᠬᠢ ᠵᠢᠷᠤᠮ ᠲᠠᠢ ᠠᠭᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ | ᠰᠢᠩ ᠹᠦ᠋ ᠵᠢᠵᠢᠭ ᠲᠣᠭᠤᠷᠢᠭ᠂ ᠱᠢ ᠵᠢᠢ ᠵᠢᠵᠢᠭ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ | ᠪᠠᠢ ᠴᠦᠨ ᠯᠸᠢ ᠬᠠᠯᠠᠭᠤᠨ ᠳᠤᠯᠠᠭᠠᠨ ᠢᠨᠵᠧᠨᠧᠷᠢᠩ ᠤᠨ ᠨᠢᠭᠡᠳᠦᠭᠡᠷ ᠪᠠᠷᠢᠮᠵᠢᠶᠠᠲᠤ ᠬᠡᠰᠡᠭ ᠤᠨ ᠬᠤᠶᠠᠳᠤᠭᠠᠷ | ᠲᠣᠣᠷ ᠤᠨ ᠥᠭᠡᠷᠡᠴᠢᠯᠡᠯᠲᠡ᠂ ᠬᠤᠶᠠᠳᠤᠭᠠᠷ ᠪᠠᠷᠢᠮᠵᠢᠶᠠᠲᠤ ᠬᠡᠰᠡᠭ ᠤᠨ ᠠᠰᠠᠷ ᠤᠨ ᠵᠠᠮ ᠢ ᠰᠡᠯᠪᠢᠨ ᠵᠠᠰᠠᠵᠤ | ᠥᠭᠡᠷᠡᠴᠢᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ | ᠢᠯᠡᠷᠡᠭᠦᠯᠦᠭᠰᠡᠨ ᠳᠤᠲᠠᠭᠤᠳᠠᠯ ᠪᠠᠭᠤᠷᠠᠢ ᠵᠦᠢᠯ ᠢ ᠲᠤᠬᠠᠢ ᠶᠢᠨ ᠭᠠᠵᠠᠷ ᠲᠤᠨᠢ ᠬᠤᠯᠪᠣᠭᠳᠠᠯ ᠪᠦᠬᠦᠢ | ᠬᠠᠷᠢᠭᠤᠴᠠᠯᠭᠠᠲᠤ ᠨᠢᠭᠡᠴᠢ ᠳᠤ ᠲᠤᠰᠢᠶᠠᠨ ᠥᠭᠴᠦ ᠰᠢᠢᠳᠪᠦᠷᠢᠯᠡᠭᠦᠯᠪᠡ᠃ ᠲᠡᠷᠡ᠂ ᠬᠠᠶᠢᠷ᠎ᠠ ᠬᠠᠯᠠᠮᠵᠢ ᠶᠢᠨ | ᠢᠨᠵᠧᠨᠧᠷᠢᠩ ᠪᠣᠯ ᠤᠯᠠᠨ ᠲᠦᠮᠡᠨ ᠤ ᠠᠮᠤᠷ ᠲᠦᠪᠰᠢᠨ ᠠᠶᠤᠯ ᠲᠦᠭᠰᠢᠭᠦᠷᠢ ᠲᠠᠢ ᠬᠤᠯᠪᠣᠭᠳᠠᠬᠤ ᠴᠢᠬᠤᠯᠠ ᠶᠡᠭᠡ | ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠃ ᠡᠯ᠎ᠡ ᠬᠠᠮᠢᠶ᠎ᠠ | ᠪᠥᠬᠦᠶ ᠰᠠᠯᠠᠭ᠎ᠠ ᠮᠥᠴᠢᠷ ᠤᠳ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠴᠢᠬᠤᠯᠠ ᠴᠢᠨᠠᠷ ᠢ ᠭᠦᠨᠵᠡᠭᠡᠶ | ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠨ᠂ | ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ | ᠢᠨᠵᠧᠨᠧᠷᠢᠩ ᠤᠨ ᠬᠤᠷᠳᠤᠴᠠ ᠪᠠᠨ ᠲᠦᠷᠭᠡᠳᠬᠡᠵᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠪᠥᠬᠦ | ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ᠃ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ | ᠠᠩᠬᠠᠷᠴᠤ᠂ ᠪᠠᠷᠢᠯᠭ᠎ᠠ ᠶᠢᠨ ᠠᠮᠤᠷ ᠲᠦᠪᠰᠢᠨ ᠪᠠ ᠪᠠᠷᠢᠯᠭ᠎ᠠ ᠶᠢᠨ ᠶᠠᠰᠤ ᠴᠢᠨᠠᠷ ᠢ ᠦᠨᠡᠨ ᠬᠦ ᠪᠠᠲᠤᠯᠠᠭᠰᠠᠨ ᠤᠷᠢᠲᠠᠯ | ᠳᠣᠣᠷ᠎ᠠ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠲᠣᠭᠲᠠᠭᠰᠠᠨ ᠬᠤᠭᠤᠴᠠᠭᠠᠨ ᠳᠠᠭᠠᠨ ᠠᠵᠢᠯ ᠢᠶᠠᠨ | ᠳᠠᠭᠤᠰᠬᠠᠵᠤ᠂ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠵᠤ᠂ ᠰᠠᠭᠤᠭᠠᠯᠢ ᠠᠷᠠᠳ ᠲᠤ ᠤᠳᠠᠯ ᠦᠭᠡᠢ | ᠬᠦᠷᠴᠦ ᠢᠷᠡᠬᠦ ᠡᠪᠦᠯ ᠤᠨ ᠤᠯᠠᠷᠢᠯ ᠳᠤ ᠳᠤᠯᠠᠭᠠᠨ ᠲᠠᠭᠠᠯᠠᠮᠵᠢᠲᠠᠶ ᠣᠷᠣᠨ ᠰᠠᠭᠤᠴᠠ ᠶᠢᠨ ᠣᠷᠴᠢᠨ ᠲᠣᠭᠤᠷᠢᠨ ᠢ | ᠡᠳ᠋ᠯᠡᠭᠦᠯᠬᠦ ᠬᠡᠷᠡᠭᠲᠡᠶ ᠭᠡᠵᠡᠢ᠃ | |