ᠪᠠᠢ ᠴᠦᠨ ᠯᠸᠢ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠵᠢᠴᠢ ᠢᠳᠡᠭᠡᠨ ᠤ ᠠᠮᠤᠷ ᠲᠦᠪᠰᠢᠨ ᠤ ᠠᠵᠢᠯ ᠤᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/9/19
      ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ ᠤᠨ ᠠᠮᠠᠷᠠᠯᠲᠠ ᠣᠶᠢᠷᠠᠳᠴᠤ᠂ 9 ᠰᠠᠷ᠎ᠠ ᠶᠢᠨ 14 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠴᠦᠨ ᠯᠸᠢ ᠪᠠᠶᠠᠷ ᠤᠨ ᠡᠳᠦᠷ ᠠᠴᠠ ᠡᠮᠦᠨᠡᠬᠢ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠵᠢᠴᠢ ᠢᠳᠡᠭᠡᠨ ᠤ ᠠᠮᠤᠷ ᠲᠦᠪᠰᠢᠨ ᠤ ᠠᠵᠢᠯ ᠤᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠪᠠ᠂ ᠲᠣᠭᠤᠷᠢᠭ ᠤᠨ ᠤᠳᠤᠷᠢᠳᠤᠯᠭ᠎ᠠ ᠰᠢᠤ ᠹᠠᠩ ᠣᠷᠣᠯᠴᠠᠪᠠ᠃      ᠬᠠᠲᠤᠨ ᠭᠤᠤᠯ ᠤᠨ ᠵᠠᠬ᠎ᠠ ᠳᠡᠯᠭᠡᠭᠦᠷ᠂ ᠪᠢᠨ ᠾᠧ ᠶᠢᠨ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ᠂ ᠬᠠᠶ ᠯᠠᠨ ᠠᠮᠢᠳᠤᠷᠠᠯ ᠤᠨ ᠬᠡᠲᠦ ᠳᠡᠯᠭᠡᠭᠦᠷ ᠲᠤ᠂ ᠪᠠᠶ ᠴᠦᠨ ᠯᠸᠢ ᠢᠳᠡᠭᠡᠨ ᠤ ᠠᠮᠤᠷ ᠲᠦᠪᠰᠢᠨ᠂ ᠵᠠᠬ᠎ᠠ ᠳᠡᠯᠭᠡᠭᠦᠷ ᠤᠨ ᠡᠵᠡᠩᠨᠡᠯᠲᠡ ᠪᠠ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠳᠣᠭᠢᠷᠠᠭᠤᠯᠬᠤ ᠵᠡᠷᠭᠡ ᠪᠠᠶᠢᠳᠠᠯ ᠢ ᠭᠦᠨᠵᠡᠭᠡᠶ ᠣᠶᠢᠯᠠᠭᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠢᠳᠡᠭᠡᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠪᠣᠷᠣᠯᠠᠭᠤᠯᠭ᠎ᠠ ᠴᠥᠮ ᠬᠥᠭᠵᠢᠨ ᠴᠡᠴᠡᠭᠯᠡᠵᠦ᠂ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠳᠤ ᠰᠢᠭᠤᠳ ᠬᠤᠯᠪᠣᠭᠳᠠᠵᠤ᠂ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠦᠭᠦᠳ ᠪᠠᠷᠠᠭᠠᠨ ᠤ ᠢᠷᠡᠯᠲᠡ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠬᠠᠮᠢᠶᠠᠷᠤᠯᠲᠠ ᠪᠠᠨ ᠴᠢᠩᠭᠠᠳᠬᠠᠨ᠂ ᠦᠨᠡᠨᠴᠢ ᠢᠲᠡᠭᠡᠮᠵᠢᠲᠡᠶ ᠡᠵᠡᠩᠨᠡᠵᠦ᠂ ᠢᠳᠡᠭᠡᠨ ᠤ ᠠᠮᠤᠷ ᠲᠦᠪᠰᠢᠨ᠂ ᠶᠠᠰᠤ ᠴᠢᠨᠠᠷ᠂ ᠦᠨ᠎ᠡ ᠬᠠᠩᠰᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠬᠤᠲᠠ ᠶᠢᠨ ᠠᠷᠠᠳ ᠲᠤ ᠡᠮᠬᠢ ᠵᠢᠷᠤᠮ ᠲᠠᠢ᠂ ᠰᠠᠨᠠᠭ᠎ᠠ ᠠᠮᠤᠷ ᠪᠠᠷᠠᠭ᠎ᠠ ᠬᠤᠳᠠᠯᠳᠤᠨ ᠠᠪᠬᠤ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠶ ᠭᠡᠵᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠳᠦᠷ ᠲᠤᠳᠤᠮ ᠤᠨ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ᠡᠯ᠎ᠡ ᠲᠦᠷᠦᠯ ᠤᠨ ᠢᠳᠡᠭᠡᠨ ᠤ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂ ᠤᠯᠠᠨ ᠲᠦᠮᠡᠨ ᠢ ᠦᠨᠡᠨᠬᠦ ᠰᠠᠨᠠᠭ᠎ᠠ ᠠᠮᠤᠷ ᠬᠤᠳᠠᠯᠳᠤᠨ ᠠᠪᠴᠤ᠂ ᠰᠠᠨᠠᠭ᠎ᠠ ᠠᠮᠤᠷ ᠢᠳᠡᠭᠦᠯᠬᠦ ᠬᠡᠷᠡᠭᠲᠡᠢ ᠭᠡᠵᠡᠢ᠃ ᠨᠠᠷᠢᠨ ᠵᠦᠢᠯᠡᠰ ᠠᠴᠠ ᠭᠠᠷᠳᠠᠵᠤ᠂ ᠭᠠᠯ ᠤᠨᠲᠠᠷᠠᠭᠠᠬᠤ ᠵᠡᠷᠭᠡ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠵᠤ᠂ ᠡᠯ᠎ᠡ ᠲᠦᠷᠦᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠭᠡᠮ ᠰᠣᠭᠤᠭ ᠢ ᠪᠦᠬᠦ ᠬᠦᠴᠦᠨ ᠢᠶᠠᠷ ᠢᠶᠠᠨ ᠠᠷᠢᠯᠭᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠢ᠃      ᠦᠬᠠᠶ ᠬᠤᠲᠠ ᠶᠢᠨ ᠠᠷᠪᠠᠨ ᠨᠠᠢᠮᠠᠳᠤᠭᠠᠷ ᠳᠤᠮᠳᠠᠳᠤ ᠰᠤᠷᠭᠠᠭᠤᠯᠢ ᠳᠤ᠂ ᠪᠠᠶ ᠴᠦᠨ ᠯᠸᠢ ᠢᠳᠡᠭᠡᠨ ᠡᠳ᠋ᠰᠢᠭᠦᠯᠬᠦ ᠣᠷᠴᠢᠨ ᠲᠣᠭᠤᠷᠢᠨ᠂ ᠠᠵᠢᠯᠯᠠᠬᠤ ᠶᠠᠪᠤᠴᠠ ᠬᠢᠭᠡᠳ ᠡᠷᠡᠭᠦᠯ ᠬᠠᠮᠠᠭᠠᠯᠠᠯ ᠤᠨ ᠨᠥᠬᠦᠴᠡᠯ ᠢ ᠨᠠᠷᠢᠨ ᠣᠶᠢᠯᠠᠭᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠨᠢ ᠪᠠᠭᠰᠢ ᠰᠤᠷᠤᠭᠴᠢᠳ ᠤᠨ ᠡᠷᠡᠭᠦᠯ ᠮᠡᠨᠳᠦ ᠳᠤ ᠬᠤᠯᠪᠣᠭᠳᠠᠵᠤ᠂ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠨ᠎ᠠ᠃ ᠰᠤᠷᠭᠠᠭᠤᠯᠢ ᠨᠤᠭᠤᠳ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠳᠡᠭᠡᠨ ᠤ ᠠᠮᠤᠷ ᠲᠦᠪᠰᠢᠨ ᠤ ᠡᠨᠡ ᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠤᠨ᠂ ︽ᠴᠠᠭ ᠢᠮᠠᠭᠲᠠ ᠰᠡᠳᠬᠢᠯ ᠠᠮᠤᠷ ᠥᠬᠡᠶ︾ ᠬᠠᠷᠢᠭᠤᠴᠠᠯᠭᠠᠲᠤ ᠰᠡᠳᠬᠢᠯᠭᠡ ᠪᠠᠷ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠡᠳᠦᠷ ᠲᠤᠲᠤᠮ ᠤᠨ ᠬᠠᠮᠢᠶᠠᠷᠤᠯᠲᠠ ᠡᠵᠡᠮᠳᠡᠯ ᠪᠠ ᠲᠦᠭᠰᠢᠭᠦᠷᠢ ᠶᠢᠨ ᠪᠠᠶᠢᠴᠠᠭᠠᠯᠲᠠ ᠶᠢ ᠰᠠᠶᠢᠲᠤᠷ ᠬᠢᠬᠦ ᠬᠡᠷᠡᠭᠲᠡᠶ᠃ ᠢᠳᠡᠭᠡᠨ ᠬᠤᠳᠠᠯᠳᠤᠨ ᠠᠪᠬᠤ᠂ ᠪᠣᠯᠪᠠᠰᠤᠷᠠᠭᠤᠯᠬᠤ ᠪᠠ ᠬᠠᠳᠠᠭᠠᠯᠠᠬᠤ ᠵᠡᠷᠭᠡ ᠡᠯ᠎ᠡ ᠭᠤᠭᠴᠤᠭ᠎ᠠ ᠶᠢ ᠴᠢᠩᠭ᠎ᠠ ᠡᠵᠡᠮᠳᠡᠵᠦ᠂ ᠡᠬᠢ ᠡᠭᠦᠰᠦᠯ ᠠᠴᠠ ᠨᠢ ᠠᠳᠬᠤᠵᠤ᠂ ᠰᠢᠨ᠎ᠡ ᠰᠣᠷᠭᠤᠭ᠂ ᠠᠮᠤᠷ ᠲᠦᠪᠰᠢᠨ ᠢᠳᠡᠭᠡᠨ ᠤ ᠮᠠᠲ᠋ᠧᠷᠢᠶᠠᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠪᠠᠲᠤᠯᠠᠵᠤ᠂ ᠢᠳᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠵᠤ᠂ ᠪᠠᠭᠰᠢ ᠰᠤᠷᠤᠭᠴᠢᠳ ᠤᠨ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠰᠡᠳᠬᠢᠯ ᠲᠠᠯᠪᠢᠨ ᠪᠠᠲᠤᠯᠠᠬᠤ ᠬᠡᠷᠡᠭᠲᠡᠶ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号