9 ᠰᠠᠷ᠎ᠠ ᠶᠢᠨ 12 ᠤᠨ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ | ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠬᠢᠯᠡᠨ | ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ | ᠴᠢᠬᠤᠯᠠ ᠵᠢᠭᠠᠪᠤᠷᠢ ᠪᠣᠯᠤᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠵᠢᠴᠢ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ 17 ᠳ᠋ᠤᠭᠠᠷ ᠬᠤᠭᠤᠴᠠᠭᠠᠨ ᠤ ᠵᠡᠮᠳᠡᠭᠴᠦᠳ ᠤᠨ | ᠣᠯᠢᠮᠫᠢᠺ ᠤᠨ ᠴᠤᠭᠯᠠᠭᠠᠨ ᠤ ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠲᠥᠯᠥᠭᠡᠯᠡᠭᠴᠢᠳ ᠤᠨ ᠪᠦᠯᠬᠦᠮ ᠳᠤ | ᠢᠯᠡᠭᠡᠭᠰᠡᠨ ᠪᠠᠶᠠᠷ ᠤᠨ ᠴᠠᠬᠢᠯᠭᠠᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ | ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠪᠦᠬᠦ ᠲᠤᠭᠤᠷᠢᠭ ᠳᠠᠶᠠᠭᠠᠷ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ︽ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ | ᠪᠣᠯᠭᠠᠬᠤ ᠶᠢ ᠠᠬᠢᠭᠤᠯᠬᠤ ᠲᠤᠬᠠᠢ ᠰᠠᠨᠠᠯ︾ ᠤᠨ ᠡᠯ᠎ᠡ ᠵᠦᠢᠯ ᠤᠨ ᠱᠠᠭᠠᠷᠳᠠᠯᠭ᠎ᠠ ᠶᠢ ᠦᠷᠭᠦᠯᠵᠢᠯᠡᠨ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠰᠠᠬᠢᠯᠭ᠎ᠠ ᠪᠠᠲᠤ ᠶᠢᠨ ᠬᠥᠮᠦᠵᠢᠯ ᠢ ᠭᠦᠨᠵᠡᠭᠡᠶᠢᠷᠡᠭᠦᠯᠬᠦ ᠶᠢ ᠢᠮᠠᠭᠲᠠ | ᠲᠤᠭᠤᠰᠢᠯᠠᠭᠤᠯᠵᠤ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠥᠬᠦᠷᠡᠰᠢ ᠦᠭᠡᠢ ᠴᠢᠩᠭᠠᠳᠬᠠᠵᠤ᠂ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠦᠬᠦ ᠬᠦᠴᠦᠨ ᠢᠶᠠᠷ ᠢᠶᠠᠨ ᠰᠠᠶᠢᠲᠤᠷ | ᠪᠠᠬᠢᠵᠢᠭᠦᠯᠵᠦ᠂ ᠰᠠᠶᠢᠲᠤᠷ ᠥᠷᠭᠡᠳᠬᠡᠬᠦ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠶᠢᠨ ᠬᠠᠶᠢᠨᠠᠨ ᠤ | ᠭᠤᠸᠠᠩᠳᠦ᠋ᠩ ᠵᠡᠷᠭᠡ ᠭᠠᠵᠠᠷ ᠤᠨ ᠲᠠᠶᠢᠹᠤᠩ ᠰᠠᠯᠬᠢᠨ ᠤ ᠭᠠᠮᠰᠢᠭ ᠤᠨ ᠲᠤᠬᠠᠶ ᠭᠠᠷᠭᠠᠭᠰᠠᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠦᠶᠡᠷ ᠢ ᠰᠡᠷᠭᠡᠶᠢᠯᠡᠬᠦ ᠡᠯ᠎ᠡ | ᠵᠦᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠤᠷᠢᠭ᠎ᠠ ᠱᠤᠭᠤᠮ ᠤᠨ ᠰᠡᠳᠬᠢᠬᠦᠶ᠂ ᠲᠦᠢᠯ ᠤᠨ | ᠰᠡᠳᠬᠢᠬᠦᠶ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠭᠤᠯᠠᠨ ᠦᠶᠡᠷ ᠢ ᠰᠡᠷᠭᠡᠶᠢᠯᠡᠬᠦ᠂ ᠬᠠᠰᠢᠯᠭ᠎ᠠ ᠶᠢ | ᠰᠡᠷᠭᠡᠶᠢᠯᠡᠨ ᠬᠠᠮᠠᠭᠠᠯᠠᠬᠤ᠂ ᠬᠤᠲᠠ ᠶᠢᠨ ᠠᠮᠠᠷᠬᠠᠨ ᠤᠰᠤᠲᠤᠬᠤ ᠭᠠᠵᠠᠷ ᠵᠡᠷᠭᠡ ᠭᠤᠤᠯᠳᠠᠯᠭ᠎ᠠ ᠲᠠᠢ ᠣᠷᠣᠨ | ᠪᠦᠰᠡ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠪᠠᠴᠢᠮ ᠪᠠᠶᠢᠳᠠᠯ ᠢ ᠠᠷᠭᠠᠴᠠᠬᠤ | ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ | ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠥᠬᠦ ᠬᠦᠴᠦᠨ ᠢᠶᠠᠷ ᠢᠶᠠᠨ ᠪᠠᠲᠤᠯᠠᠬᠤ | ᠬᠡᠷᠡᠭᠲᠡᠶ᠃ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠤᠱᠯᠠᠭᠤᠯᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠤᠷᠭᠠᠨ | ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ︽ᠶᠣᠰᠣ | ᠰᠤᠷᠲᠠᠬᠤᠨ ᠤ ᠬᠥᠮᠦᠵᠢᠯ ᠤᠨ ᠰᠦᠭ ᠰᠦᠨᠡᠰᠦ ᠶᠢ ᠱᠤᠭᠤᠬᠤ᠂ ᠤᠶᠤᠨ ᠤ ᠬᠥᠮᠦᠵᠢᠯ ᠢᠶᠠᠷ ᠤᠢ ᠪᠢᠯᠢᠭ ᠢᠶᠠᠨ | ᠪᠠᠬᠢᠵᠢᠭᠦᠯᠬᠦ᠂ ᠪᠡᠶ᠎ᠡ ᠶᠢᠨ ᠲᠠᠮᠢᠷ ᠢᠶᠠᠷ ᠦᠨᠳᠦᠰᠦ ᠪᠠᠨ ᠪᠠᠬᠢᠵᠢᠭᠦᠯᠬᠦ᠂ ᠭᠤᠸ᠎ᠠ ᠰᠠᠶᠢᠬᠠᠨ ᠤ ᠬᠥᠮᠦᠵᠢᠯ ᠢᠶᠠᠷ | ᠰᠠᠭᠤᠷᠢ ᠪᠠᠨ ᠪᠠᠬᠢᠵᠢᠭᠦᠯᠬᠦ᠂ ᠬᠥᠳᠡᠯᠮᠦᠷᠢ ᠬᠦᠴᠦᠨ ᠢᠶᠠᠷ ᠴᠢᠳᠠᠪᠤᠷᠢ ᠪᠠᠨ ᠳᠡᠭᠡᠭᠰᠢᠯᠡᠭᠦᠯᠬᠦ︾ ᠲᠠᠪᠤᠨ ᠲᠠᠯ᠎ᠠ ᠶᠢᠨ | ᠲᠣᠭᠤᠷᠢᠨ ᠳᠤ᠂ ᠵᠢᠭᠠᠨ ᠰᠤᠷᠭᠠᠯᠲᠠ ᠶᠢᠨ ᠵᠠᠭᠪᠤᠷ᠂ ᠴᠢᠳᠠᠪᠤᠷᠢᠲᠠᠨ ᠢ ᠬᠥᠮᠦᠵᠢᠭᠦᠯᠬᠦ ᠲᠣᠭᠲᠠᠴᠠ ᠪᠣᠯᠤᠨ ᠦᠨᠡᠯᠡᠬᠦ | ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠠᠳᠠᠯᠢ ᠪᠤᠰᠤ ᠬᠥᠭᠵᠢᠯᠲᠡ ᠶᠢᠨ ᠳᠠᠯᠳᠠ ᠴᠢᠨᠰᠠᠭ᠎ᠠ ᠲᠠᠢ | ᠰᠤᠷᠤᠭᠴᠢᠳ ᠢ ᠥᠪᠡᠷ ᠤᠨ ᠪᠡᠶ᠎ᠡ ᠳᠡᠭᠡᠨ ᠳᠣᠭᠢᠷᠬᠠᠰᠠᠨ ᠰᠤᠷᠭᠠᠨ ᠬᠥᠮᠦᠵᠢᠯ ᠢ ᠰᠣᠩᠭᠤᠬᠤ ᠶᠢᠨ ᠬᠠᠮᠲᠤ | ᠪᠠᠭᠰᠢ ᠶᠢᠨ ᠬᠡᠪ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠪᠦᠬᠦ ᠲᠠᠯ᠎ᠠ ᠪᠠᠷ ᠬᠡᠷᠡᠭᠵᠢᠭᠦᠯᠵᠦ᠂ ᠥᠨᠳᠥᠷ ᠬᠡᠪ | ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠴᠢᠷᠮᠠᠶᠢᠨ ᠬᠥᠮᠦᠵᠢᠭᠦᠯᠬᠦ ᠬᠡᠷᠡᠭᠲᠡᠢ᠃ | ᠵᠡᠮᠳᠡᠭᠴᠦᠳ ᠤᠨ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ | ᠠᠰᠠᠭᠤᠳᠠᠯ ᠢ ᠰᠢᠶ᠋ᠳᠪᠦᠷᠢᠯᠡᠬᠦ ᠪᠠᠷ ᠴᠢᠷᠮᠠᠶᠢᠵᠤ᠂ ᠡᠷᠡᠭᠦᠯᠵᠢᠯ ᠤᠨ ᠠᠵᠢᠯ᠂ ᠰᠤᠷᠭᠠᠨ ᠬᠥᠮᠦᠵᠢᠯ ᠢ ᠬᠥᠭᠵᠢᠭᠦᠯᠬᠦ᠂ | ᠠᠵᠢᠯ ᠣᠯᠭᠤᠯᠲᠠ ᠶᠢ ᠠᠬᠢᠭᠤᠯᠬᠤ ᠵᠡᠷᠭᠡ ᠲᠠᠯ᠎ᠠ ᠠᠴᠠ ᠭᠠᠷᠳᠠᠵᠤ᠂ ᠢᠯᠠᠩᠭᠤᠶ᠎ᠠ ᠵᠡᠮᠳᠡᠭᠴᠦᠳ ᠤᠨ ᠠᠵᠢᠯ | ᠣᠯᠭᠤᠯᠲᠠ ᠶᠢᠨ ᠠᠷᠭ᠎ᠠ ᠵᠠᠮ ᠢ ᠥᠷᠭᠡᠳᠬᠡᠵᠦ᠂ ᠵᠡᠮᠳᠡᠭᠴᠦᠳ ᠵᠢᠴᠢ ᠭᠡᠷ ᠪᠦᠯᠢ ᠶᠢᠨ ᠠᠵᠢᠯ ᠣᠯᠵᠤ | ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ | ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 144 ᠳ᠋ᠦ᠋ᠭᠡᠷ ᠤᠳᠠᠭᠠᠨ ᠤ | ︵ᠥᠷᠭᠡᠳᠬᠡᠭᠰᠡᠨ︶ ᠬᠤᠷᠠᠯ ᠤᠨ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠨ | ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠭᠤᠷᠬᠠᠢ ᠶᠢᠨ | ᠠᠶᠤᠯᠭᠦᠢ ᠦᠢᠯᠡᠳᠪᠦᠷᠢᠯᠡᠯ ᠢ ᠦᠨᠡᠯᠡᠨ ᠵᠢᠱᠢᠵᠦ ᠬᠢᠨᠠᠨ ᠵᠢᠯᠣᠭᠤᠳᠴᠤ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ᠂ ᠪᠦᠬᠦ ᠣᠷᠣᠨ ᠤ ᠵᠠᠮ | ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠠᠶᠤᠯᠭᠦᠢ ᠦᠢᠯᠡᠳᠪᠦᠷᠢᠯᠡᠯ ᠤᠨ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ | ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ | ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠠ ︽ᠭᠤᠷᠪᠠ ᠶᠢ ᠬᠠᠮᠢᠶᠠᠷᠬᠤ ᠭᠤᠷᠪᠠᠨ ᠡᠷᠬᠡᠪᠰᠢ︾ | ᠶᠢᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠬᠠᠮᠲᠤᠷᠠᠨ ᠬᠠᠤᠯᠢ ᠬᠡᠷᠡᠭᠵᠢᠭᠦᠯᠬᠦ ᠪᠠ | ᠱᠠᠳᠤ ᠬᠤᠪᠢᠶᠠᠨ ᠲᠦᠷᠦᠯ ᠬᠤᠪᠢᠶᠠᠨ ᠤᠨᠢᠨ ᠳᠡᠭᠡᠷ᠎ᠡ ᠨᠢ ᠬᠢᠨᠠᠨ ᠬᠠᠮᠢᠶᠠᠷᠬᠤ ᠶᠢ ᠲᠠᠰᠤᠷᠠᠯᠲᠠ ᠦᠭᠡᠢ | ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠤᠯᠠᠮ ᠴᠢᠨᠠᠭᠰᠢᠳᠠ ᠴᠢᠩᠳᠠᠯᠠᠵᠤ | ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠭᠤᠣᠯᠳᠠᠯᠭ᠎ᠠ ᠲᠠᠢ ᠠᠵᠢᠯ ᠲᠦᠷᠦᠯ ᠤᠨ | ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠶᠡᠭᠡ | ᠪᠠᠶᠢᠴᠠᠭᠠᠯᠲᠠ ᠶᠢ ᠭᠦᠨᠵᠡᠭᠡᠢ ᠥᠷᠨᠢᠭᠦᠯᠵᠦ᠂ ᠡᠯ᠎ᠡ ᠲᠦᠷᠦᠯ ᠤᠨ ᠠᠮᠤᠷ ᠲᠦᠪᠰᠢᠨ ᠤ ᠬᠡᠮ ᠰᠣᠭᠤᠭ ᠢ ᠪᠦᠬᠦ | ᠲᠠᠯ᠎ᠠ ᠪᠠᠷ ᠪᠠᠶᠢᠴᠠᠭᠠᠵᠤ᠂ ᠢᠯᠠᠩᠭᠤᠶ᠎ᠠ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠠᠷᠭ᠎ᠠ ᠬᠡᠮᠵᠢᠶ᠎ᠡ ᠶᠢ | ᠰᠠᠶᠢᠲᠤᠷ ᠨᠠᠶᠢᠳᠠᠪᠤᠷᠢᠵᠢᠭᠤᠯᠵᠤ᠂ ᠪᠠᠷᠠᠭᠠᠨ ᠤ ᠲᠡᠭᠡᠭᠡᠪᠦᠷᠢ᠂ ᠠᠶᠤᠯᠲᠠᠢ ᠬᠢᠮᠢ ᠶᠢᠨ ᠪᠣᠳᠠᠰ ᠪᠣᠯᠤᠨ ᠠᠶᠠᠨᠴᠢᠳ ᠤᠨ | ᠲᠡᠭᠡᠭᠡᠪᠦᠷᠢ ᠶᠢᠨ ᠠᠵᠤ ᠠᠬᠤᠶᠢᠯᠠᠯ᠂ ᠲᠡᠷᠭᠡ ᠬᠥᠰᠬᠡ ᠵᠢᠴᠢ ᠵᠢᠯᠣᠭᠤᠴᠢ ᠶᠢᠨ ᠵᠠᠮ ᠬᠠᠷᠢᠯᠴᠠᠭᠠᠨ ᠤ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠤᠯᠠᠨ ᠬᠦᠮᠦᠨ ᠦᠬᠦᠵᠦ ᠰᠢᠷᠬᠠᠳᠤᠭᠰᠠᠨ | ᠠᠳᠡᠯ ᠢ ᠡᠷᠡᠰ ᠬᠤᠷᠢᠭᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ | ᠵᠥᠪᠯᠡᠯ ᠤᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠢ ᠦᠨᠡᠯᠡᠨ ᠵᠢᠱᠢᠵᠦ ᠬᠢᠨᠠᠨ ᠵᠢᠯᠣᠭᠤᠳᠴᠤ ᠪᠠᠶᠢᠴᠠᠭᠠᠵᠤ | ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠤᠯᠪᠣᠭᠳᠠᠯ ᠪᠦᠬᠦᠢ | ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠢᠭᠡ ᠠᠴᠠ ᠵᠦᠢᠴᠢᠯᠡᠵᠦ ᠨᠦᠬᠦᠭᠡ ᠶᠢ | ᠵᠦᠢᠴᠢᠯᠡᠨ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠶᠢᠨ ᠬᠠᠮᠲᠤ ᠭᠤᠣᠯ ᠬᠦᠭ ᠠᠶᠠᠰ ᠢ | ᠦᠷᠭᠦᠯᠵᠢᠯᠡᠨ ᠪᠠᠲᠤᠯᠠᠵᠤ᠂ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠣᠷᠣᠬᠤ ᠵᠥᠪᠰᠢᠶᠡᠷᠡᠯ ᠢ ᠴᠢᠩᠳᠠᠯᠠᠵᠤ᠂ | ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ | ᠮᠠᠨ ᠤ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠴᠢᠩᠭ᠎ᠠ ᠪᠣᠳᠠᠲᠠᠢ ᠠᠳᠬᠤᠵᠤ᠂ | ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠪᠠᠲᠤᠯᠠᠬᠤ | ᠬᠡᠷᠡᠭᠲᠡᠢ᠃ ᠬᠤᠷᠠᠯ ᠠᠴᠠ᠂ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠬᠤᠣᠰ ᠪᠠᠶᠠᠷ ᠪᠣᠯᠬᠤ | ᠭᠡᠵᠦ ᠪᠠᠶᠢᠨ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ᠂ ᠪᠠᠶᠠᠷ ᠤᠨ | ᠡᠳᠦᠷ ᠤᠨ ᠬᠠᠩᠭᠠᠯᠭ᠎ᠠ ᠶᠢ ᠪᠠᠲᠤᠯᠠᠬᠤ᠂ ᠵᠢᠵᠢᠭᠦᠷᠯᠡᠨ ᠰᠠᠬᠢᠬᠤ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ | ᠰᠠᠶᠢᠲᠤᠷ ᠬᠢᠵᠦ᠂ ᠪᠦᠬᠦ ᠲᠤᠭᠤᠷᠢᠭ ᠤᠨ ᠤᠯᠠᠨ ᠲᠦᠮᠡᠨ ᠤ ᠠᠮᠤᠷ ᠠᠮᠤᠭᠤᠯᠠᠩ ᠥᠯᠵᠡᠢ ᠪᠡᠯᠭᠡ ᠲᠠᠢ | ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ | ᠬᠤᠷᠠᠯ ᠤᠨ ᠬᠤᠯᠪᠣᠭᠳᠠᠯ ᠪᠥᠬᠦᠶ ᠪᠠᠶᠢᠷᠢᠯᠠᠭᠤᠯᠤᠯᠲᠠ ᠱᠠᠭᠠᠷᠳᠠᠯᠭ᠎ᠠ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠯᠠᠨ ᠲᠦᠮᠡᠨ ᠤ | ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ | ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠪᠥᠬᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠬᠢᠴᠠ ᠶᠢᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠱᠠᠲᠤᠨ ᠤ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |