ᠬᠠᠶᠢᠨᠠᠨ ᠲᠤᠭᠤᠷᠢᠭ ᠤᠨ ᠳᠠᠭᠤᠤ ᠬᠦᠭᠵᠢᠮ ᠤᠨ ᠰᠢᠨᠵᠢᠯᠡᠭᠡᠨ ᠤ ᠭᠤᠤᠯ ᠰᠡᠳᠦᠪᠳᠦ ᠵᠢᠭᠠᠨ ᠰᠤᠳᠤᠯᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2024/9/20
     ᠰᠢᠨ᠎ᠡ ᠬᠢᠴᠢᠶᠡᠯ ᠤᠨ ᠲᠡᠮᠳᠡᠭ ᠤᠨ ᠣᠶᠢᠯᠠᠭᠠᠭᠳᠠᠬᠤᠨ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠠᠭᠤᠤ ᠬᠥᠭᠵᠢᠮ ᠤᠨ ᠰᠢᠨᠵᠢᠯᠡᠭᠡᠨ ᠤ ᠭᠤᠤᠯᠯᠠᠬᠤ ᠬᠡᠪ ᠪᠣᠯᠪᠠᠰᠤᠷᠠᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠳᠠᠭᠤᠤ ᠬᠥᠭᠵᠢᠮ ᠤᠨ ᠲᠤᠰᠬᠠᠶ ᠮᠡᠷᠭᠡᠵᠢᠯᠲᠡᠨ ᠤ ᠪᠦᠯᠬᠦᠮ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠬᠠᠶᠢᠨᠠᠨ ᠲᠣᠭᠤᠷᠢᠭ ᠤᠨ ᠳᠠᠭᠤᠤ ᠬᠥᠭᠵᠢᠮ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠪᠠ᠃ ᠭᠤᠤᠯ ᠬᠡᠪ ᠪᠣᠯᠪᠠᠰᠤᠷᠠᠯ ᠢᠶᠠᠷ ᠤᠳᠤᠷᠢᠳᠤᠮᠵᠢ ᠪᠣᠯᠭᠠᠭᠰᠠᠨ ᠳᠠᠭᠤᠤ ᠬᠥᠭᠵᠢᠮ ᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠪᠦᠲᠦᠮᠵᠢᠲᠡᠶ ᠠᠷᠭ᠎ᠠ ᠪᠣᠳᠣᠯᠭ᠎ᠠ ᠶᠢ ᠰᠦᠪᠡᠭᠴᠢᠯᠡᠵᠦ᠂ ᠨᠢᠭᠡᠳᠦᠭᠡᠷ ᠣᠨ ᠤ ᠰᠢᠨ᠎ᠡ ᠵᠢᠭᠠᠬᠤ ᠮᠠᠲ᠋ᠧᠷᠢᠶᠠᠯ ᠢ ᠣᠨᠣᠪᠴᠢᠲᠠᠶ ᠡᠵᠡᠮᠳᠡᠵᠦ᠂ ᠰᠤᠷᠤᠭᠴᠢᠳ ᠤᠨ ᠳᠠᠭᠤᠤ ᠬᠥᠭᠵᠢᠮ ᠤᠨ ᠬᠡᠪ ᠪᠣᠯᠪᠠᠰᠤᠷᠠᠯ ᠢ ᠪᠦᠲᠦᠮᠵᠢᠲᠡᠶ ᠪᠤᠶᠢᠵᠢᠭᠤᠯᠤᠨ᠎ᠠ᠃ ᠡᠭᠦᠨ ᠤ ᠬᠠᠮᠲᠤ ᠰᠤᠷᠤᠯᠴᠠᠬᠤ ᠬᠡᠯᠪᠡᠷᠢ ᠶᠢᠨ᠂ ᠰᠤᠳᠤᠯᠭᠠᠨ ᠤ ᠬᠡᠯᠪᠡᠷᠢ ᠶᠢᠨ᠂ ᠰᠢᠨ᠎ᠡ ᠶᠢ ᠡᠭᠦᠳᠬᠦ ᠬᠡᠯᠪᠡᠷᠢ ᠶᠢᠨ ᠳᠠᠭᠤᠤ ᠬᠥᠭᠵᠢᠮ ᠤᠨ ᠪᠠᠭᠰᠢ ᠶᠢᠨ ᠡᠩᠨᠡᠭᠡ ᠶᠢ ᠪᠠᠶᠢᠭᠤᠯᠵᠤ᠃ 2024 ᠣᠨ ᠤ 9 ᠰᠠᠷ᠎ᠠ ᠶᠢᠨ 19 ᠤ ᠡᠳᠦᠷ ᠬᠠᠶᠢᠨᠠᠨ ᠲᠣᠭᠤᠷᠢᠭ ᠤᠨ ᠳᠥᠷᠪᠡᠳᠦᠭᠡᠷ ᠪᠠᠭ᠎ᠠ ᠰᠤᠷᠭᠠᠭᠤᠯᠢ ᠳᠤ ᠳᠠᠭᠤᠤ ᠬᠥᠭᠵᠢᠮ ᠤᠨ ᠰᠢᠨᠵᠢᠯᠡᠭᠡᠨ ᠤ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠵᠢᠭᠠᠨ ᠰᠤᠳᠤᠯᠬᠤ ᠠᠵᠢᠯᠯᠠᠭ᠎ᠠ ᠥᠷᠨᠢᠭᠦᠯᠪᠡ᠃      ᠪᠠᠭᠰᠢ ᠨᠠᠷ ᠬᠤᠤᠰᠯᠠᠯ ᠪᠤᠯᠵᠤ᠂ ᠡᠩ ᠤᠨ ᠵᠢᠭᠠᠬᠤ ᠶᠢ ᠰᠤᠳᠤᠯᠬᠤ ᠠᠵᠢᠯ ᠢ ᠪᠠᠶᠢᠩᠭᠤ ᠴᠦᠬᠦᠷᠡᠰᠢ ᠦᠭᠡᠢ ᠠᠳᠬᠤᠳᠠᠭ      ᠰᠤᠷᠭᠠᠭᠤᠯᠢ ᠡᠬᠢᠯᠡᠬᠦ ᠦᠶ᠎ᠡ ᠪᠠᠷ᠂ ᠬᠠᠶᠢᠨᠠᠨ ᠲᠣᠭᠤᠷᠢᠭ ᠤᠨ ᠵᠢᠭᠠᠨ ᠰᠤᠳᠤᠯᠬᠤ ᠲᠠᠰᠤᠭ ᠤᠨ ᠳᠠᠭᠤᠤ ᠬᠥᠭᠵᠢᠮ ᠤᠨ ᠵᠢᠭᠠᠨ ᠰᠤᠳᠤᠯᠤᠭᠴᠢ ᠹᠧᠩ ᡁᠢ ᠬᠤᠩ ᠪᠠᠭᠰᠢ ᠬᠠᠶᠢᠨᠠᠨ ᠲᠣᠭᠤᠷᠢᠭ ᠤᠨ ᠳᠠᠭᠤᠤ ᠬᠥᠭᠵᠢᠮ ᠤᠨ ᠰᠢᠨᠵᠢᠯᠡᠭᠡᠨ ᠤ ᠵᠢᠭᠠᠨ ᠰᠤᠳᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠳᠠᠭᠤᠤ ᠬᠥᠭᠵᠢᠮ ᠤᠨ ᠪᠠᠭᠰᠢ ᠶᠢᠨ ᠣᠳᠣᠬᠢ ᠪᠠᠶᠢᠳᠠᠯ ᠢ ᠵᠠᠳᠠᠯᠵᠤ᠂ ᠡᠯ᠎ᠡ ᠵᠦᠢᠯ ᠤᠨ ᠵᠢᠭᠠᠨ ᠰᠤᠳᠤᠯᠬᠤ ᠡᠭᠦᠷᠭᠡ ᠶᠢ ᠪᠠᠭᠤᠯᠭᠠᠪᠠ᠃ ᠲᠣᠰ ᠬᠤᠭᠤᠴᠠᠭᠠᠨ ᠤ ᠳᠠᠭᠤᠤ ᠬᠥᠭᠵᠢᠮ ᠤᠨ ᠪᠠᠭᠰᠢ ᠨᠠᠷ ᠦᠷᠭᠦᠯᠵᠢᠯᠡᠨ ᠲᠣᠰ ᠰᠢᠨᠵᠢᠯᠡᠭᠡᠨ ᠤ ᠣᠨᠴᠠᠯᠢᠭ ᠪᠠ ᠲᠣᠰ ᠵᠢᠭᠠᠨ ᠰᠤᠳᠤᠯᠬᠤ ᠳᠤᠭᠤᠶᠢᠯᠠᠩ ᠤᠨ ᠰᠡᠳᠦᠪ ᠲᠠᠢ ᠪᠠᠨ ᠤᠶᠠᠯᠳᠤᠭᠤᠯᠤᠨ᠂ ᠪᠣᠳᠠᠲᠠᠶ ᠲᠣᠳᠣᠷᠬᠠᠶ ᠵᠢᠭᠠᠨ ᠰᠤᠳᠤᠯᠬᠤ ᠠᠵᠢᠯ ᠤᠨ ᠲᠥᠯᠥᠪᠯᠡᠭᠡ ᠲᠣᠭᠲᠠᠭᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤ ᠪᠠᠷ ᠬᠢᠴᠢᠶᠡᠯ ᠪᠡᠯᠡᠳᠬᠡᠬᠦ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠵᠢᠭᠠᠨ ᠰᠤᠷᠭᠠᠬᠤ ᠭᠤᠤᠯᠳᠠᠯᠭ᠎ᠠ᠂ ᠬᠦᠴᠢᠷᠳᠡᠯ ᠪᠠ ᠵᠢᠭᠠᠨ ᠰᠤᠷᠭᠠᠬᠤ ᠠᠷᠭ᠎ᠠ ᠶᠢ ᠬᠠᠮᠲᠤᠪᠠᠷ ᠰᠤᠳᠤᠯᠤᠨ ᠶᠠᠷᠢᠯᠴᠠᠵᠤ᠂ ᠵᠢᠭᠠᠨ ᠰᠤᠷᠭᠠᠬᠤ ᠠᠬᠢᠴᠠ ᠪᠠ ᠵᠢᠭᠠᠨ ᠰᠤᠷᠭᠠᠬᠤ ᠱᠠᠭᠠᠷᠳᠠᠯᠭ᠎ᠠ ᠪᠠᠨ ᠨᠢᠭᠡᠳᠬᠡᠬᠦ ᠶᠢ ᠬᠦᠰᠡᠵᠦ ᠪᠠᠶᠢᠨ᠎ᠠ᠃ ᠲᠤᠰ ᠰᠤᠷᠤᠯᠭ᠎ᠠ ᠶᠢᠨ ᠬᠤᠭᠤᠴᠠᠭᠠᠨ ᠳᠤ ᠠᠯᠳᠠᠷᠲᠤ ᠪᠠᠭᠰᠢ ᠶᠢᠨ ᠠᠵᠢᠯᠯᠠᠬᠤ ᠭᠠᠵᠠᠷ ᠢ ᠪᠠᠶᠢᠭᠤᠯᠵᠤ᠂ ᠭᠤᠤᠯᠯᠠᠭᠴᠢ ᠪᠠᠭᠰᠢ ᠶᠢᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠬᠠᠮᠲᠤ ᠵᠠᠯᠠᠭᠤ ᠪᠠᠭᠰᠢ ᠶᠢ ᠲᠦᠷᠭᠡᠨ ᠪᠤᠶᠢᠵᠢᠭᠤᠯᠬᠤ ᠶᠢᠨ ᠲᠥᠯᠥᠭᠡ᠂ ᠣᠨᠴᠠᠭᠠᠶᠢᠯᠠᠨ ᠭᠤᠷᠪᠠᠨ ᠭᠤᠤᠯᠯᠠᠭᠴᠢ ᠪᠠᠭᠰᠢ ᠪᠣᠯᠤᠨ ᠵᠠᠯᠠᠭᠤ ᠪᠠᠭᠰᠢ ᠱᠠᠪᠢ ᠨᠠᠷ ᠤᠨ ᠬᠤᠤᠰᠯᠠᠯ ᠪᠠᠶᠢᠭᠤᠯᠤᠭᠰᠠᠨ ᠵᠢᠭᠠᠨ ᠰᠤᠳᠤᠯᠬᠤ ᠡᠩᠨᠡᠭᠡ ᠶᠢ ᠪᠠᠶᠢᠭᠤᠯᠵᠤ᠂ ᠵᠢᠭᠠᠨ ᠰᠤᠳᠤᠯᠬᠤ ᠰᠤᠳᠤᠯᠤᠭᠴᠢ᠂ ᠭᠤᠤᠯᠯᠠᠭᠴᠢ ᠪᠠᠭᠰᠢ᠂ ᠵᠠᠯᠠᠭᠤ ᠪᠠᠭᠰᠢ ᠭᠤᠷᠪᠠᠨ ᠱᠠᠲᠤ ᠪᠠᠷ ᠬᠤᠯᠪᠣᠭᠠᠯᠠᠨ ᠬᠥᠳᠡᠯᠦᠯᠴᠡᠬᠦ ᠱᠠᠲᠤᠯᠢᠭ ᠡᠩᠨᠡᠭᠡ ᠶᠢᠨ ᠪᠠᠶᠢᠭᠤᠯᠤᠯᠲᠠ ᠶᠢ ᠪᠣᠶ ᠪᠣᠯᠭᠠᠵᠤ᠂ ᠭᠤᠷᠪᠠᠨ ᠳᠤᠭᠤᠶᠢᠯᠠᠩ ᠵᠢᠭᠠᠨ ᠰᠤᠳᠤᠯᠬᠤ ᠡᠩᠨᠡᠭᠡ ᠪᠦᠯᠬᠦᠮ ᠨᠡᠶᠢᠲᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠣᠯᠠᠨ ᠤ ᠣᠶᠤᠨ ᠤᠬᠠᠭᠠᠨ ᠢ ᠲᠥᠪᠯᠡᠷᠡᠭᠦᠯᠵᠦ᠂ ᠵᠢᠭᠠᠨ ᠰᠤᠷᠭᠠᠬᠤ ᠲᠥᠰᠦᠯ ᠢ ᠨᠠᠷᠢᠨ ᠨᠢᠮᠪᠠᠶ ᠲᠥᠯᠥᠪᠯᠡᠵᠦ᠂ ᠬᠢᠴᠢᠶᠡᠯ ᠪᠡᠯᠡᠳᠬᠡᠬᠦ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠪᠡ᠃ ᠲᠣᠭᠲᠠᠭᠰᠠᠨ ᠬᠤᠭᠤᠴᠠᠭ᠎ᠠ ᠲᠠᠢ ᠪᠠᠷ ᠬᠠᠷᠢᠯᠴᠠᠨ ᠬᠢᠴᠢᠶᠡᠯ ᠦᠨᠡᠯᠡᠬᠦ ᠠᠵᠢᠯᠯᠠᠭ᠎ᠠ ᠥᠷᠨᠢᠭᠦᠯᠬᠦ ᠶᠢᠨ ᠬᠠᠮᠲᠤ ᠴᠠᠭ ᠲᠤᠬᠠᠢ ᠳᠤᠨᠢ ᠰᠣᠯᠢᠯᠴᠠᠭ᠎ᠠ ᠬᠢᠪᠡ᠃ ᠬᠢᠴᠢᠶᠡᠯ ᠰᠤᠨᠤᠰᠬᠤ ᠪᠠᠷ ᠳᠠᠮᠵᠢᠨ ᠪᠠᠭᠰᠢ ᠨᠠᠷ ᠬᠠᠷᠢᠯᠴᠠᠨ ᠰᠤᠷᠤᠯᠴᠠᠵᠤ᠂ ᠰᠠᠶᠢᠨ ᠳᠠᠯ᠎ᠠ ᠶᠢ ᠠᠪᠴᠤ ᠳᠤᠳᠠᠭᠤᠳᠠᠯ ᠢᠶᠠᠨ ᠨᠦᠬᠦᠪᠦᠷᠢᠯᠡᠵᠦ᠂ ᠦᠪᠡᠷ ᠤᠨ ᠵᠢᠭᠠᠨ ᠰᠤᠷᠭᠠᠬᠤ ᠠᠷᠭ᠎ᠠ ᠪᠠ ᠵᠢᠭᠠᠨ ᠰᠤᠷᠭᠠᠬᠤ ᠠᠷᠭ᠎ᠠ ᠪᠤᠳᠤᠯᠭ᠎ᠠ ᠪᠠᠨ ᠳᠠᠰᠤᠷᠠᠯᠳᠠ ᠦᠭᠡᠢ ᠰᠠᠶᠢᠵᠢᠷᠠᠭᠤᠯᠵᠤ ᠴᠢᠳᠠᠬᠤ ᠪᠤᠯᠵᠠᠢ      ᠰᠢᠨ᠎ᠡ ᠬᠢᠴᠢᠶᠡᠯ ᠤᠨ ᠪᠠᠷᠢᠮᠵᠢᠶ᠎ᠠ ᠶᠢ ᠰᠤᠳᠤᠯᠤᠨ ᠤᠩᠰᠢᠵᠤ᠂ ᠰᠢᠨ᠎ᠡ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ      ᠲᠤᠰ ᠰᠤᠷᠤᠯᠭ᠎ᠠ ᠶᠢᠨ ᠬᠤᠭᠤᠴᠠᠭᠠᠨ ᠤ ᠲᠠᠭᠤᠤ ᠬᠥᠭᠵᠢᠮ ᠤᠨ ᠳᠤᠭᠤᠶᠢᠯᠠᠩ ᠦᠷᠭᠦᠯᠵᠢᠯᠡᠨ ᠰᠢᠨ᠎ᠡ ᠬᠢᠴᠢᠶᠡᠯ ᠤᠨ ᠪᠠᠷᠢᠮᠵᠢᠶ᠎ᠠ ᠶᠢ ᠰᠤᠳᠤᠯᠤᠨ ᠤᠩᠰᠢᠬᠤ᠂ ᠰᠢᠨ᠎ᠡ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ᠠᠵᠢᠯᠯᠠᠭ᠎ᠠ ᠶᠢ ᠥᠷᠨᠢᠭᠦᠯᠪᠡ᠃ ᠬᠢᠴᠢᠶᠡᠯ ᠲᠥᠷᠥᠯ ᠢᠶᠠᠷ ᠦᠨᠳᠦᠰᠦ ᠪᠣᠯᠭᠠᠬᠤ᠂ ᠮᠡᠳᠡᠯᠭᠡ ᠪᠠᠷ ᠦᠨᠳᠦᠰᠦ ᠰᠠᠭᠤᠷᠢ ᠠᠴᠠ ᠨᠢ ᠰᠤᠷᠤᠭᠴᠢᠳ ᠤᠨ ᠬᠡᠪ ᠪᠣᠯᠪᠠᠰᠤᠷᠠᠯ ᠢᠶᠠᠷ ᠦᠨᠳᠦᠰᠦ ᠪᠣᠯᠭᠠᠬᠤ ᠲᠡᠶᠢᠰᠢ ᠰᠢᠯᠵᠢᠭᠦᠯᠵᠦ᠂ ︽ᠶᠠᠭᠤᠨ ᠳᠤ ᠰᠤᠷᠭᠠᠬᠤ︾ ᠪᠠ ︽ᠬᠡᠨ ᠳᠤ ᠪᠠᠭᠰᠢᠯᠠᠬᠤ︾ ᠶᠢ ᠲᠣᠳᠣᠷᠬᠠᠶᠢᠯᠠᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠪᠣᠳᠠᠲᠠᠢ ᠵᠢᠭᠠᠨ ᠰᠤᠷᠭᠠᠯᠲᠠ ᠶᠢᠨ ᠠᠵᠢᠯᠯᠠᠭ᠎ᠠ ᠳᠤ ᠨᠠᠶᠢᠳᠠᠪᠤᠷᠢᠵᠢᠭᠤᠯᠬᠤ ᠬᠡᠷᠡᠭᠲᠡᠢ᠃ ᠱᠢᠨ᠎ᠡ ᠣᠢᠯᠠᠭᠠᠭᠳᠠᠬᠤᠨ ᠢ ᠦᠢᠯᠡᠳᠦᠯᠭᠡᠵᠢᠭᠦᠯ ᠬᠦ ᠳᠤ ᠪᠠᠭᠱᠢ ᠬᠡᠪ ᠪᠣᠯᠪᠠᠰᠤᠷᠠᠯ ᠤᠨ ᠤᠳᠤᠷᠢᠳᠤᠮᠵᠢ ᠶᠢᠨ ᠵᠢᠭᠠᠨ ᠰᠤᠷᠭᠠᠯᠲᠠ ᠶᠢ ᠥᠷᠨᠢᠭᠦᠯᠬᠦ ᠴᠢᠬᠤᠯᠠᠲᠠᠢ᠃ ᠰᠢᠨᠵᠢᠯᠡᠭᠡᠨ ᠤ ᠯᠤᠭᠢᠭ ᠪᠠ ᠮᠡᠳᠡᠯᠭᠡ ᠶᠢᠨ ᠴᠡᠭ ᠠᠴᠠ ᠦᠰᠦᠷᠦᠨ ᠭᠠᠷᠴᠤ᠂ ᠵᠢᠭᠠᠨ ᠰᠤᠷᠭᠠᠯᠲᠠ ᠶᠢᠨ ᠠᠭᠤᠯᠭ᠎ᠠ ᠶᠢᠨ ᠬᠤᠯᠪᠣᠭᠳᠠᠬᠤ ᠴᠢᠨᠠᠷ᠂ ᠪᠦᠬᠦᠯᠢ ᠴᠣᠭᠴᠠ ᠶᠢᠨ ᠴᠢᠨᠠᠷ ᠵᠢᠴᠢ ᠶᠡᠷᠦᠩᠬᠡᠶᠢᠯᠡᠭᠰᠡᠨ ᠦᠢᠯᠡᠳᠦᠯ ᠢ ᠠᠩᠬᠠᠷᠪᠠ᠃ ᠦᠨᠡᠨ ᠪᠣᠳᠠᠲᠠᠢ ᠠᠬᠤᠢ ᠪᠠᠶᠢᠳᠠᠯ ᠢ ᠪᠣᠢ ᠪᠣᠯᠭᠠᠵᠤ᠂ ᠰᠤᠷᠤᠭᠴᠢᠳ ᠢ ᠬᠥᠲᠥᠯᠥᠨ ᠵᠢᠯᠣᠭᠤᠳᠴᠤ ᠪᠠᠶᠢᠭᠠᠳ ᠬᠢᠬᠦ᠂ ᠬᠡᠷᠡᠭᠯᠡᠬᠦ᠂ ᠡᠭᠦᠳᠬᠦ ᠳᠤᠮᠳᠠ ᠠᠰᠠᠭᠤᠳᠠᠯ ᠢ ᠰᠢᠢᠳᠪᠦᠷᠢᠯᠡᠵᠦ᠂ ᠭᠤᠣᠯ ᠬᠡᠪ ᠪᠣᠯᠪᠠᠰᠤᠷᠠᠯ ᠲᠠᠢ ᠪᠣᠯᠭᠠᠬᠤ ᠬᠡᠷᠡᠭᠲᠡᠢ᠃      ᠳᠠᠭᠤᠤ ᠬᠥᠭᠵᠢᠮ ᠤᠨ ᠪᠠᠭᠰᠢ ᠨᠠᠷ ᠡᠭᠦᠨ ᠢᠶᠠᠷ ᠠᠵᠠ ᠲᠣᠬᠢᠶᠠᠯ ᠪᠣᠯᠭᠠᠵᠤ᠂ ᠲᠤᠰᠬᠠᠶ ᠮᠡᠷᠭᠡᠵᠢᠯᠲᠡᠨ ᠤ ᠨᠠᠷᠢᠨ ᠨᠢᠮᠪᠠᠶ ᠵᠢᠯᠣᠭᠤᠳᠣᠯᠭ᠎ᠠ ᠳᠣᠤᠷ᠎ᠠ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠵᠠᠮ ᠨᠡᠭᠡᠭᠡᠨ ᠤᠷᠤᠭᠰᠢᠯᠠᠵᠤ᠂ ᠮᠠᠨ ᠤ ᠲᠤᠭᠤᠷᠢᠭ ᠤᠨ ᠳᠠᠭᠤᠤ ᠬᠥᠭᠵᠢᠮ ᠤᠨ ᠪᠠᠭᠰᠢ ᠶᠢᠨ ᠰᠤᠷᠤᠯᠴᠠᠬᠤ᠂ ᠰᠡᠳᠬᠢᠬᠦ᠂ ᠦᠶ᠋ᠯᠡᠳᠦᠯᠭᠡᠵᠢᠭᠦᠯᠬᠦ᠂ ᠡᠷᠭᠢᠴᠡᠭᠦᠯᠦᠨ ᠪᠣᠳᠣᠯᠬᠢᠯᠠᠬᠤ ᠰᠢᠯᠢᠳᠡᠭ ᠤᠯᠠᠮᠵᠢᠯᠠᠯ ᠢ ᠦᠷᠭᠦᠯᠵᠢᠯᠡᠨ ᠪᠠᠷᠢᠮᠲᠠᠯᠠᠵᠤ᠂ ᠬᠢᠴᠢᠶᠡᠯ ᠤᠨ ᠲᠠᠩᠬᠢᠮ ᠢ ᠠᠯᠬᠤᠮ ᠠᠯᠬᠤᠮ ᠢᠶᠠᠷ ᠭᠦᠨ ᠠᠯᠬᠤᠵᠤ᠂ ᠲᠣᠰ ᠪᠡᠶ᠎ᠡ ᠶᠢᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠳᠠᠭᠤᠤ ᠬᠥᠭᠵᠢᠮ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠮᠠᠨ ᠤ ᠲᠤᠭᠤᠷᠢᠭ ᠤᠨ ᠳᠠᠭᠤᠤ ᠬᠥᠭᠵᠢᠮ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠬᠠᠮᠲᠤ ᠪᠠᠷ ᠳᠥᠯᠭᠢᠨ ᠠᠬᠢᠭᠤᠯᠬᠤ ᠶᠢ ᠢᠲᠡᠭᠡᠵᠦ ᠪᠠᠶᠢᠨ᠎ᠠ ᠭᠡᠵᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号