ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠦᠬᠠᠶ ᠬᠤᠲᠠ ᠶᠢᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︿ᠰᠠᠶᠢᠨ ᠮᠠᠭᠤ ᠦᠨᠡᠯᠡᠯᠲᠡ﹀ ᠠᠵᠢᠯ ᠤᠨ ᠬᠡᠷᠡᠭᠵᠢᠭᠦᠯᠬᠦ ᠲᠥᠰᠦᠯ︾ ᠢ | ᠳᠠᠷᠤᠮᠠᠯᠯᠠᠨ ᠲᠠᠷᠬᠠᠭᠠᠬᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠬᠠᠶᠢᠨᠠᠨ ᠲᠣᠭᠤᠷᠢᠭ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠦᠨᠡᠯᠡᠯᠲᠡ︾ ᠶᠢᠨ ᠠᠵᠢᠯ ᠢ ᠪᠥᠬᠦ | ᠬᠦᠴᠦᠨ ᠢᠶᠠᠷ ᠢᠶᠠᠨ ᠳᠥᠯᠭᠢᠨ ᠠᠬᠢᠭᠤᠯᠪᠠ᠃ | ᠲᠣᠭᠤᠷᠢᠭ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ | ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠣᠳᠠᠲᠤ ᠴᠣᠭᠴᠠ ᠶᠢᠨ ᠶᠡᠭᠡ ᠲᠢᠩᠬᠢᠮ ᠤᠨ | ᠡᠯᠧᠺᠳ᠋ᠷᠣᠨ ᠳᠡᠯᠭᠡᠴᠡ ᠶᠢᠨ ᠳᠡᠯᠭᠡᠴᠡ ᠳᠤ ᠤᠬᠠᠭᠤᠯᠭ᠎ᠠ ᠶᠢᠨ ᠬᠠᠭᠤᠳᠠᠰᠤ᠂ ᠦᠨᠡᠯᠡᠯᠲᠡ ᠶᠢᠨ ᠮᠡᠳᠡᠭᠡ ᠵᠠᠩᠭᠢ ᠵᠡᠷᠭᠡ | ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠰᠠᠶᠢᠨ ᠮᠠᠭᠤ ᠦᠨᠡᠯᠡᠯᠲᠡ︾ ᠶᠢᠨ ᠠᠵᠢᠯ ᠢ | ᠥᠷᠭᠡᠨ ᠢᠶᠠᠷ ᠤᠬᠠᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ | ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ︽ᠰᠠᠶᠢᠨ ᠮᠠᠭᠤ ᠦᠨᠡᠯᠡᠯᠲᠡ︾ ᠶᠢᠨ ᠠᠵᠢᠯ ᠢ ᠥᠷᠨᠢᠭᠦᠯᠵᠦ᠂ ᠠᠵᠤ | ᠠᠬᠤᠶᠢᠯᠠᠯ ᠪᠠ ᠣᠯᠠᠨ ᠲᠦᠮᠡᠨ ᠤ ︽ᠨᠢᠭᠡ ᠤᠴᠢᠷ ᠨᠢᠭᠡ ᠦᠨᠡᠯᠡᠯᠲᠡ︾᠂ ︽ᠨᠢᠭᠡ ᠤᠳᠠᠭ᠎ᠠ ᠨᠢᠭᠡ ᠦᠨᠡᠯᠡᠬᠦ︾ | ᠶᠢ ᠬᠥᠲᠥᠯᠦᠨ ᠵᠢᠯᠣᠭᠤᠳᠴᠤ᠂ ᠠᠵᠤ ᠠᠬᠤᠶᠢᠯᠠᠯ ᠪᠠ ᠣᠯᠠᠨ ᠲᠦᠮᠡᠨ ᠤ ︽ᠰᠠᠶᠢᠨ ᠮᠠᠭᠤ ᠦᠨᠡᠯᠡᠯᠲᠡ︾ ᠶᠢᠨ | ᠠᠵᠢᠯ ᠤᠨ ᠲᠤᠬᠠᠶ ᠣᠶᠢᠯᠠᠭᠠᠬᠤ ᠬᠡᠮᠵᠢᠶ᠎ᠡ ᠪᠠ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠣᠳᠣ 2024 | ᠣᠨ ᠤ ᠭᠤᠷᠪᠠᠳᠤᠭᠠᠷ ᠤᠯᠠᠷᠢᠯ ᠤᠨ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ | ᠦᠨᠡᠯᠡᠯᠲᠡ︾ ᠶᠢᠨ ᠲᠤᠭ᠎ᠠ ᠪᠠᠷᠢᠮᠲᠠ ᠶᠢ ᠳᠣᠤᠷᠠᠬᠢ ᠮᠡᠲᠦ ᠮᠡᠳᠡᠭᠳᠡᠶ᠎ᠡ᠄ | 2024 ᠣᠨ ᠤ ᠭᠤᠷᠪᠠᠳᠤᠭᠠᠷ ᠤᠯᠠᠷᠢᠯ ᠤᠨ ᠰᠠᠶᠢᠨ ᠦᠨᠡᠯᠡᠯᠳᠡ ᠶᠢᠨ ᠶᠡᠷᠦᠩᠬᠡᠢ ᠲᠤᠭ᠎ᠠ 8122 ᠬᠤᠪᠢ | ᠪᠠᠶᠢᠵᠤ᠂ ᠰᠠᠶᠢᠨ ᠦᠨᠡᠯᠡᠯᠳᠡ ᠶᠢᠨ ᠨᠤᠷᠮ᠎ᠠ 99.99% ᠳᠤ ᠬᠦᠷᠪᠡ︔ 1 ᠬᠤᠪᠢ ᠵᠥᠷᠢᠶᠡᠲᠦ ᠦᠨᠡᠯᠡᠯᠳᠡ ᠶᠢᠨ | ᠨᠤᠷᠮ᠎ᠠ ᠨᠢ 0.01% ᠪᠤᠯᠤᠨ᠎ᠠ᠃ ᠮᠠᠭᠤ ᠦᠨᠡᠯᠡᠯᠲᠡ ᠲᠠᠢ ᠰᠠᠯᠠᠭ᠎ᠠ ᠮᠥᠴᠢᠷ ᠤᠳ ᠨᠢᠭᠡᠨᠲᠡ ᠠᠵᠢᠯ ᠶᠠᠪᠤᠳᠠᠯ | ᠬᠦᠢᠴᠡᠳᠭᠡᠭᠰᠡᠨ ᠣᠯᠠᠨ ᠲᠦᠮᠡᠨ ᠢ ᠬᠠᠷᠢᠭᠤ ᠰᠤᠷᠪᠤᠯᠵᠢᠯᠠᠬᠤ ᠶᠢᠨ ᠬᠠᠮᠲᠤ ᠣᠯᠠᠨ ᠲᠦᠮᠡᠨ ᠤ ᠰᠠᠨᠠᠯ | ᠰᠠᠨᠠᠭᠤᠯᠭ᠎ᠠ ᠲᠠᠢ ᠤᠶᠠᠯᠳᠤᠭᠤᠯᠤᠨ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠵᠦ᠂ ᠬᠠᠷᠢᠭᠤ ᠰᠤᠷᠪᠤᠯᠵᠢᠯᠠᠨ | ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ ᠨᠢ 100% ᠪᠣᠯᠤᠨ᠎ᠠ᠃ | ᠲᠠᠷᠠᠭᠠᠴᠢ ᠶᠢᠨ ᠠᠯᠬᠤᠮ ᠳᠤ᠂ ᠬᠠᠶᠢᠨᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ︽ᠰᠠᠶᠢᠨ | ᠮᠠᠭᠤ ᠦᠨᠡᠯᠡᠯᠲᠡ︾ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠵᠦ᠂ ᠠᠵᠤ ᠠᠬᠤᠶᠢᠯᠠᠯ ᠣᠯᠠᠨ ᠲᠦᠮᠡᠨ ᠤ ᠦᠨᠡᠨ ᠪᠣᠳᠠᠲᠠᠶ ᠦᠨᠡᠯᠡᠯᠲᠡ ᠬᠢᠬᠦ ᠶᠢ ᠢᠳᠡᠪᠬᠢᠲᠡᠶ | ᠬᠥᠲᠥᠯᠦᠨ ᠵᠢᠯᠣᠭᠤᠳᠴᠤ᠂ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠤᠶᠢᠯᠠᠭᠠᠨ᠂ | ᠨᠡᠶᠢᠭᠡᠮ ᠤᠨ ᠬᠢᠨᠠᠯᠲᠠ ᠶᠢ ᠬᠦᠯᠢᠶᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠲᠠᠰᠤᠷᠠᠯᠲᠠ ᠥᠬᠡᠶ | ᠰᠠᠶᠢᠵᠢᠷᠠᠭᠤᠯᠤᠨ᠂ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠯᠦᠭᠡ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ | ︽ᠰᠠᠶᠢᠨ ᠮᠠᠭᠤ ᠦᠨᠡᠯᠡᠯᠲᠡ︾ ᠶᠢ ᠦᠢᠯᠡᠴᠢᠯᠡᠭᠡ ᠶᠢ ᠰᠢᠯᠢᠳᠡᠭᠵᠢᠭᠦᠯᠬᠦ ᠪᠠᠷᠠᠭᠳᠠᠰᠢ ᠥᠬᠡᠶ ᠬᠥᠳᠡᠯᠭᠡᠬᠦ ᠬᠦᠴᠦᠨ | ᠪᠣᠯᠭᠠᠨ᠎ᠠ᠃ | | ᠬᠠᠶᠢᠨᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ | ᠬᠠᠮᠢᠶᠠᠷᠤᠯᠲᠠ ᠶᠢᠨ ᠲᠣᠪᠴᠢᠶ᠎ᠠ | | 2024 ᠣᠨ ᠤ 9 ᠰᠠᠷ᠎ᠠ ᠶᠢᠨ 27 ᠤ ᠡᠳᠦᠷ | |