ᠨᠢᠭᠡ᠂ ᠭᠤᠣᠯ ᠡᠭᠦᠷᠭᠡ ᠬᠠᠷᠢᠭᠤᠴᠠᠯᠭ᠎ᠠ | ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠪᠣᠯ ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ | ᠪᠣᠯᠤᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄ 1. ᠪᠥᠬᠦ ᠣᠷᠣᠨ ᠤ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠡᠮᠬᠢ ᠳᠢᠭᠯᠢᠮ ᠢ ᠵᠢᠷᠤᠮᠵᠢᠭᠤᠯᠬᠤ ᠠᠵᠢᠯ ᠢ | ᠡᠭᠦᠷᠭᠡᠯᠡᠨ᠎ᠡ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠤᠬᠠᠶ ᠴᠢᠭᠯᠡᠯᠲᠡ ᠲᠥᠷᠥ ᠶᠢᠨ | ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠬᠠᠶᠢᠨᠠᠨ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ | ᠵᠠᠰᠠᠭ ᠤᠨ ᠣᠷᠳᠣᠨ ᠤ ᠬᠠᠮᠢᠶ᠎ᠠ ᠪᠥᠬᠦᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠤᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ | ᠶᠡᠭᠡ ᠠᠰᠠᠭᠤᠳᠠᠯ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠪᠦᠬᠦ ᠣᠷᠣᠨ ᠤ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠦᠨ᠎ᠡ᠃ ᠤᠯᠤᠰ᠂ | ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠣᠯᠤᠨ ᠬᠤᠯᠪᠣᠭᠳᠠᠯ | ᠪᠦᠬᠦᠢ ᠠᠵᠢᠯ ᠲᠥᠷᠥᠯ ᠤᠨ ᠪᠠᠷᠢᠮᠵᠢᠶ᠎ᠠ ᠶᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ 2. ᠣᠷᠣᠨ ᠰᠠᠭᠤᠴᠠ ᠶᠢᠨ | ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠣᠯᠠᠨ ᠭᠤᠤᠯ ᠴᠣᠭᠴᠠ ᠠᠴᠠ ᠬᠠᠩᠭᠠᠬᠤ᠂ ᠣᠯᠠᠨ | ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠳᠤᠨᠢ ᠴᠢᠬᠤᠯᠠᠴᠢᠯᠠᠬᠤ ᠣᠷᠣᠨ | ᠰᠠᠭᠤᠴᠠ ᠶᠢᠨ ᠳᠦᠷᠢᠮ ᠢ ᠪᠠᠶᠢᠭᠤᠯᠬᠤ ᠬᠡᠷᠡᠭᠲᠡᠶ᠃ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ | ᠠᠵᠢᠯ ᠢ ᠵᠢᠯᠣᠭᠤᠳᠴᠤ᠂ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ | ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ 3. ᠭᠡᠷ | ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠡᠭᠦᠷᠭᠡᠯᠡᠨ᠎ᠡ᠃ ᠭᠡᠷ ᠪᠠᠶᠢᠰᠢᠩ | ᠭᠠᠵᠠᠷ ᠬᠦᠷᠦᠩᠭᠡ ᠶᠢ ᠨᠡᠭᠡᠭᠡᠨ ᠬᠥᠭᠵᠢᠭᠦᠯᠬᠦ᠂ ᠭᠡᠷ ᠪᠠᠶᠢᠰᠢᠩ ᠤᠨ ᠡᠷᠬᠡ ᠶᠢᠨ ᠬᠠᠷᠢᠶ᠎ᠠ ᠶᠢᠨ ᠬᠠᠮᠢᠶᠠᠷᠤᠯᠲᠠ᠂ ᠭᠡᠷ | ᠪᠠᠶᠢᠰᠢᠩ ᠲᠦᠷᠢᠶᠡᠰᠦᠯᠡᠬᠦ᠂ ᠠᠳᠠᠯ ᠠᠬᠤᠢ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠲᠤᠤᠱᠯᠠᠭᠤᠯᠤᠨ | ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ 4. ᠪᠠᠷᠢᠯᠭ᠎ᠠ ᠶᠢᠨ ᠵᠠᠬ᠎ᠠ ᠳᠡᠯᠭᠡᠭᠦᠷ ᠲᠤ | ᠬᠢᠨᠠᠯᠲᠠ ᠲᠠᠯᠪᠢᠨ ᠬᠠᠮᠢᠶᠠᠷᠴᠤ᠂ ᠵᠠᠬ᠎ᠠ ᠳᠡᠯᠭᠡᠭᠦᠷ ᠤᠨ ᠡᠯ᠎ᠡ ᠲᠠᠯ᠎ᠠ ᠶᠢᠨ ᠭᠤᠤᠯ ᠴᠣᠭᠴᠠ ᠶᠢᠨ ᠦᠢᠯᠡ | ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ᠃ ᠪᠠᠷᠢᠯᠭ᠎ᠠ ᠶᠢᠨ ᠵᠠᠬ᠎ᠠ ᠳᠡᠯᠭᠡᠭᠦᠷ᠂ ᠠᠵᠢᠯ ᠲᠥᠷᠥᠯ ᠤᠨ ᠬᠢᠨᠠᠯᠲᠠ | ᠬᠠᠮᠢᠶᠠᠷᠤᠯᠲᠠ ᠪᠣᠯᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠵᠢᠷᠤᠮᠵᠢᠭᠤᠯᠬᠤ ᠳᠦᠷᠢᠮ ᠲᠣᠭᠲᠠᠭᠠᠯ ᠢ | ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠠᠮᠢᠶ᠎ᠠ ᠪᠦᠬᠦᠢ ᠠᠵᠤ ᠠᠬᠤᠶᠢᠯᠠᠯ᠂ | ᠨᠢᠭᠡᠴᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠬᠤ ᠬᠡᠷᠡᠭᠲᠡᠶ᠃ ᠭᠡᠷ ᠳᠣᠲᠣᠷᠠᠬᠢ ᠵᠠᠰᠠᠯ ᠴᠢᠮᠡᠭᠯᠡᠯ ᠤᠨ | ᠦᠢᠯᠡᠰ ᠢ ᠬᠠᠮᠢᠶᠠᠷᠴᠤ ᠵᠢᠯᠣᠭᠤᠳᠤᠨ᠎ᠠ᠃ 5. ᠪᠠᠷᠢᠯᠭ᠎ᠠ ᠶᠢᠨ ᠶᠠᠰᠤ ᠴᠢᠨᠠᠷ ᠤᠨ ᠠᠶᠤᠯ ᠦᠭᠡᠶ ᠶᠢᠨ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠠᠷᠢᠯᠭ᠎ᠠ ᠶᠢᠨ ᠠᠵᠢᠯ ᠤᠨ ᠶᠠᠰᠤ ᠴᠢᠨᠠᠷ᠂ ᠪᠠᠷᠢᠯᠭ᠎ᠠ ᠶᠢᠨ | ᠠᠵᠢᠯ ᠤᠨ ᠠᠶᠤᠯ ᠦᠭᠡᠶ ᠦᠢᠯᠡᠳᠪᠦᠷᠢᠯᠡᠯ ᠪᠣᠯᠤᠨ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠠᠪᠴᠤ | ᠳᠠᠩᠰᠠᠯᠠᠬᠤ ᠲᠥᠷᠥ ᠶᠢᠨ ᠪᠣᠳᠣᠯᠭ᠎ᠠ᠂ ᠳᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ | ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠮᠡᠷᠭᠡᠵᠢᠯ ᠤᠨ ᠲᠥᠷᠥ ᠶᠢᠨ ᠪᠣᠳᠣᠯᠭ᠎ᠠ ᠶᠢ | ᠲᠤᠭᠤᠰᠢᠯᠠᠭᠤᠯᠤᠨ ᠬᠡᠷᠡᠭᠵᠢᠭᠦᠯᠬᠦ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠭᠡᠷ ᠪᠠᠶᠢᠰᠢᠩ ᠪᠣᠯᠤᠨ | ᠬᠤᠲᠠ ᠶᠢᠨ ᠶᠠᠪᠤᠳᠠᠯ ᠤᠨ ᠪᠠᠷᠢᠯᠭ᠎ᠠ ᠶᠢᠨ ᠶᠠᠰᠤ ᠴᠢᠨᠠᠷ᠂ ᠠᠶᠤᠯ ᠦᠭᠡᠶ ᠶᠢᠨ ᠠᠳᠡᠯ ᠢ ᠪᠠᠶᠢᠴᠠᠭᠠᠨ | ᠰᠢᠶ᠋ᠳᠪᠦᠷᠢᠯᠡᠬᠦ ᠳᠤ ᠣᠷᠣᠯᠴᠠᠬᠤ ᠬᠡᠷᠡᠭᠲᠡᠶ᠃ ᠪᠦᠲᠦᠭᠡᠨ ᠪᠠᠶᠢᠭᠤᠯᠬᠤ ᠪᠠᠷᠢᠯᠭ᠎ᠠ ᠶᠢᠨ ᠠᠶᠤᠯ ᠦᠭᠡᠶ | ᠦᠢᠯᠡᠳᠪᠦᠷᠢᠯᠡᠯ ᠤᠨ ᠲᠥᠷᠥ ᠶᠢᠨ ᠪᠣᠳᠣᠯᠭ᠎ᠠ᠂ ᠳᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ | ᠪᠠᠷᠢᠯᠭ᠎ᠠ ᠶᠢᠨ ᠠᠶᠤᠯ ᠦᠭᠡᠶ ᠦᠢᠯᠡᠳᠪᠦᠷᠢᠯᠡᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠬᠠᠤᠯᠢ ᠶᠣᠰᠣᠭᠠᠷ ᠪᠠᠶᠢᠴᠠᠭᠠᠨ ᠰᠢᠶ᠋ᠳᠪᠦᠷᠢᠯᠡᠬᠦ ᠬᠡᠷᠡᠭᠲᠡᠶ᠃ ᠭᠡᠷ ᠪᠠᠶᠢᠰᠢᠩ ᠤᠨ ᠪᠠᠷᠢᠯᠭ᠎ᠠ ᠶᠢᠨ ᠭᠠᠵᠠᠷ ᠪᠣᠯᠤᠨ | ᠬᠤᠲᠠ ᠶᠢᠨ ᠶᠠᠪᠤᠳᠠᠯ ᠤᠨ ᠪᠠᠷᠢᠯᠭ᠎ᠠ ᠶᠢᠨ ᠭᠠᠵᠠᠷ ᠤᠨ ᠬᠦᠨᠳᠦ ᠶᠢ ᠡᠷᠭᠦᠬᠦ ᠮᠠᠰᠢᠨ ᠢ ᠤᠭᠰᠠᠷᠠᠬᠤ᠂ ᠵᠠᠳᠠᠯᠵᠤ | ᠪᠠᠭᠤᠯᠭᠠᠬᠤ᠂ ᠬᠡᠷᠡᠭᠯᠡᠬᠦ ᠶᠢᠨ ᠠᠶᠤᠯ ᠦᠭᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ᠪᠦᠬᠦ ᠣᠷᠣᠨ ᠤ ᠭᠡᠷ ᠪᠠᠶᠢᠰᠢᠩ ᠪᠣᠯᠤᠨ ᠬᠤᠲᠠ ᠶᠢᠨ ᠶᠠᠪᠤᠳᠠᠯ ᠤᠨ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ | ᠪᠣᠯᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ᠪᠠᠷᠢᠯᠭ᠎ᠠ ᠶᠢᠨ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠠᠶᠤᠯ ᠦᠭᠡᠶ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠠᠶᠤᠯ ᠦᠭᠡᠶ ᠶᠢᠨ ᠬᠠᠮᠢᠶᠠᠷᠤᠯᠲᠠ ᠶᠢᠨ ᠳᠦᠷᠢᠮ | ᠲᠣᠭᠲᠠᠭᠠᠯ ᠪᠣᠯᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠪᠠᠶᠢᠭᠤᠯᠬᠤ ᠵᠢᠴᠢ ᠠᠶᠤᠯ ᠦᠭᠡᠶ ᠶᠢᠨ | ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠪᠠᠷᠢᠯᠭ᠎ᠠ ᠪᠠᠷᠢᠬᠤ ᠠᠵᠤ ᠠᠬᠤᠶᠢᠯᠠᠯ ᠢ | ᠰᠢᠮᠳᠠᠭᠤᠯᠵᠤ ᠪᠠᠶᠢᠭᠠᠳ ᠠᠵᠢᠯ ᠡᠷᠬᠢᠯᠡᠬᠦ ᠬᠥᠮᠦᠰ ᠤᠨ ᠠᠶᠤᠯ ᠦᠭᠡᠶ ᠦᠢᠯᠡᠳᠪᠦᠷᠢᠯᠡᠯ ᠤᠨ ᠬᠥᠮᠦᠵᠢᠯ | ᠪᠣᠯᠪᠠᠰᠤᠷᠠᠭᠤᠯᠤᠯ ᠤᠨ ᠠᠵᠢᠯ ᠢ ᠬᠢᠯᠭᠡᠬᠦ ᠬᠡᠷᠡᠭᠲᠡᠶ᠃ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠳᠦᠷᠢᠮ | ᠲᠣᠭᠲᠠᠭᠠᠯ ᠳᠤ ᠲᠣᠭᠲᠠᠭᠠᠭᠰᠠᠨ ᠠᠶᠤᠯ ᠦᠭᠡᠶ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠭᠤᠯᠤᠯ ᠤᠨ ᠪᠤᠰᠤᠳ | ᠠᠵᠢᠯ᠃ 6. ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠬᠤᠲᠠ ᠪᠠᠯᠭᠠᠰᠤᠨ ᠤ ᠪᠣᠬᠢᠷᠲᠤᠯ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠠᠵᠢᠯ ᠢ ᠵᠢᠯᠣᠭᠤᠳᠤᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ᠂ ᠬᠤᠲᠠ ᠪᠠᠯᠭᠠᠰᠤ ᠶᠢᠨ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠶᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ | ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠰᠢᠨ᠎ᠡ ᠮᠠᠶ᠋ᠢᠭ ᠤᠨ ᠬᠡᠷᠡᠮ ᠤᠨ ᠮᠠᠲ᠋ᠧᠷᠢᠶᠠᠯ ᠢ ᠬᠥᠭᠵᠢᠭᠦᠯᠬᠦ ᠠᠵᠢᠯ ᠢ | ᠵᠢᠯᠣᠭᠤᠳᠤᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ ᠲᠥᠷᠥᠯ ᠵᠦᠢᠯ᠂ ᠰᠢᠨᠵᠢᠯᠡᠬᠦ ᠤᠬᠠᠭᠠᠨ ᠮᠡᠷᠭᠡᠵᠢᠯ ᠤᠨ | ᠲᠥᠷᠥᠯ ᠵᠦᠢᠯ ᠤᠨ ᠪᠣᠭᠤᠮᠲᠠ ᠰᠢᠪᠲᠤᠯᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠤᠨ ᠳᠡᠯᠭᠡᠷᠡᠭᠦᠯᠬᠦ ᠶᠢ ᠵᠢᠯᠣᠭᠤᠳᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ 7. ᠬᠤᠲᠠ ᠶᠢᠨ | ᠬᠠᠶᠢᠨ ᠪᠠᠶᠢᠴᠠᠭᠠᠯᠲᠠ᠂ ᠬᠤᠲᠠ ᠶᠢᠨ ᠶᠠᠪᠤᠳᠠᠯ ᠤᠨ ᠪᠠᠷᠢᠯᠭ᠎ᠠ ᠶᠢ ᠬᠡᠮᠵᠢᠬᠦ᠂ ᠬᠤᠲᠠ ᠶᠢᠨ ᠭᠠᠵᠠᠷ ᠳᠣᠤᠷᠠᠬᠢ ᠣᠷᠣᠨ | ᠵᠠᠶ ᠶᠢ ᠨᠡᠭᠡᠭᠡᠨ ᠠᠰᠢᠭᠯᠠᠬᠤ ᠪᠠ ᠬᠤᠲᠠ ᠶᠢᠨ ᠱᠤᠭᠤᠮᠠᠯ ᠤᠨ ᠪᠠᠷᠢᠯᠭ᠎ᠠ ᠶᠢ ᠵᠢᠯᠣᠭᠤᠳᠤᠨ᠎ᠠ᠃ ᠬᠤᠲᠠ ᠶᠢᠨ ᠰᠡᠯᠪᠢᠨ | ᠵᠠᠰᠠᠬᠤ ᠪᠠ ᠠᠮᠢ ᠠᠬᠤᠶ ᠶᠢ ᠰᠡᠷᠭᠦᠭᠡᠬᠦ ᠲᠥᠷᠥ ᠶᠢᠨ ᠪᠣᠳᠣᠯᠭ᠎ᠠ ᠪᠣᠯᠤᠨ ᠳᠦᠷᠢᠮ ᠢ ᠲᠤᠤᠱᠯᠠᠭᠤᠯᠤᠨ | ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠬᠦ ᠬᠡᠷᠡᠭᠲᠡᠶ᠃ ᠲᠡᠦᠬᠡ ᠶᠢᠨ ᠳᠤᠷᠠᠰᠬᠠᠯᠲᠤ ᠵᠦᠢᠯ ᠢ | ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ ᠲᠡᠦᠬᠡ ᠰᠣᠶᠣᠯ ᠤᠨ ᠨᠡᠷᠡᠲᠦ ᠬᠤᠲᠠ ︵ᠪᠠᠯᠭᠠᠰᠤ᠂ | ᠲᠣᠰᠬᠤᠨ︶ ᠶᠢᠨ ᠠᠵᠢᠯ ᠢ ᠬᠠᠮᠠᠭᠠᠯᠠᠬᠤ ᠬᠡᠷᠡᠭᠲᠡᠶ᠃8. ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ | ᠵᠢᠷᠤᠮᠵᠢᠭᠤᠯᠬᠤ ᠪᠠ ᠵᠢᠯᠣᠭᠤᠳᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠠᠭ᠎ᠠ ᠬᠤᠲᠠ ᠪᠠᠯᠭᠠᠰᠤ ᠶᠢᠨ ᠪᠦᠲᠦᠭᠡᠨ | ᠪᠠᠶᠢᠭᠤᠯᠤᠯᠲᠠ ᠶᠢᠨ ᠲᠥᠷᠥ ᠶᠢᠨ ᠪᠣᠳᠣᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠶᠢ ᠲᠤᠤᠱᠯᠠᠭᠤᠯᠤᠨ | ᠬᠡᠷᠡᠭᠵᠢᠭᠦᠯᠬᠦ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠪᠦᠬᠦ ᠣᠷᠣᠨ ᠤ ᠲᠣᠰᠬᠤᠨ ᠪᠠᠯᠭᠠᠰᠤ ᠶᠢᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠪᠣᠯᠤᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠶᠢ ᠬᠠᠮᠵᠢᠯᠴᠠᠨ | ᠵᠢᠯᠣᠭᠤᠳᠴᠤ᠂ ᠪᠠᠭ᠎ᠠ ᠬᠤᠲᠠ ᠪᠠᠯᠭᠠᠰᠤ ᠶᠢᠨ ᠰᠠᠭᠤᠷᠢ ᠪᠡᠯᠡᠳᠬᠡᠮᠵᠢ ᠪᠣᠯᠤᠨ ᠬᠥᠮᠦᠰ ᠤᠨ ᠣᠷᠣᠰᠢᠨ ᠰᠠᠭᠤᠬᠤ | ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠠᠵᠢᠯ ᠢ ᠵᠢᠯᠣᠭᠤᠳᠤᠨ᠎ᠠ᠃ ᠪᠠᠭ᠎ᠠ ᠬᠤᠲᠠ | ᠪᠠᠯᠭᠠᠰᠤ ᠶᠢᠨ ᠪᠦᠲᠦᠭᠡᠨ ᠪᠠᠶᠢᠭᠤᠯᠤᠯᠲᠠ ᠪᠣᠯᠤᠨ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ | ᠲᠤᠷᠰᠢᠯᠲᠠ ᠶᠢᠨ ᠴᠢᠭ ᠤᠨ ᠠᠵᠢᠯ ᠢ ᠬᠠᠷᠢᠭᠤᠴᠠᠵᠤ᠂ ᠪᠦᠬᠦ ᠣᠷᠣᠨ ᠤ ᠭᠤᠤᠯᠳᠠᠯᠭ᠎ᠠ ᠲᠠᠢ ᠪᠠᠯᠭᠠᠰᠤ ᠶᠢᠨ | ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ 9. ᠵᠠᠮ ᠬᠠᠷᠢᠯᠴᠠᠭᠠᠨ ᠤ ᠲᠣᠪᠴᠢᠶ᠎ᠠ ᠶᠢᠨ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠨ᠎ᠡ᠃ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠵᠠᠰᠠᠮᠠᠯ | ᠵᠠᠮ ᠤᠨ ᠵᠠᠮ ᠬᠠᠷᠢᠯᠴᠠᠭᠠᠨ ᠤ ᠠᠵᠢᠯ ᠲᠥᠷᠥᠯ ᠤᠨ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ | ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠵᠠᠮ | ᠬᠠᠷᠢᠯᠴᠠᠭᠠᠨ ᠤ ᠠᠵᠢᠯ ᠲᠥᠷᠥᠯ ᠤᠨ ᠲᠤᠭ᠎ᠠ ᠪᠦᠷᠢᠳᠬᠡᠯ ᠪᠠ ᠮᠡᠳᠡᠭᠡ ᠵᠠᠩᠭᠢ ᠶᠢᠨ ᠠᠵᠢᠯ ᠢ ᠬᠠᠷᠢᠭᠤᠴᠠᠨ᠎ᠠ᠃ | ᠵᠠᠰᠠᠮᠠᠯ ᠵᠠᠮ ᠵᠢᠴᠢ ᠪᠡᠯᠡᠳᠬᠡᠮᠵᠢ ᠶᠢᠨ ᠪᠦᠲᠦᠭᠡᠨ ᠪᠠᠶᠢᠭᠤᠯᠬᠤ᠂ ᠬᠠᠮᠠᠭᠠᠯᠠᠬᠤ ᠶᠢ ᠬᠠᠷᠢᠭᠤᠴᠠᠨ᠎ᠠ᠃ ᠵᠠᠰᠠᠮᠠᠯ ᠵᠠᠮ ᠤᠨ | ᠪᠦᠲᠦᠭᠡᠨ ᠪᠠᠶᠢᠭᠤᠯᠤᠯᠲᠠ᠂ ᠬᠤᠲᠠ ᠶᠢᠨ ᠲᠣᠭᠤᠷᠢᠭ ᠤᠨ ᠨᠡᠶᠢᠲᠡ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢ | ᠬᠠᠷᠢᠭᠤᠴᠠᠨ᠎ᠠ᠃ ᠵᠠᠮ ᠬᠠᠷᠢᠯᠴᠠᠭᠠᠨ ᠤ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥ ᠶᠢᠨ | ᠪᠣᠳᠣᠯᠭ᠎ᠠ᠂ ᠮᠡᠷᠭᠡᠵᠢᠯ ᠤᠨ ᠪᠠᠷᠢᠮᠵᠢᠶ᠎ᠠ ᠪᠣᠯᠤᠨ ᠵᠢᠷᠤᠮᠵᠢᠯ ᠢ ᠲᠤᠤᠱᠯᠠᠭᠤᠯᠤᠨ ᠬᠡᠷᠡᠭᠵᠢᠭᠦᠯᠦᠨ᠎ᠡ᠃ ᠡᠭᠦᠷᠭᠡ | ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠵᠠᠮ ᠬᠠᠷᠢᠯᠴᠠᠭᠠᠨ ᠤ ᠪᠡᠯᠡᠳᠬᠡᠮᠵᠢ ᠶᠢᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ 10. ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ | ᠦᠨᠳᠦᠰᠦᠯᠡᠨ᠂ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ 11. ᠲᠣᠭᠤᠷᠢᠭ ᠤᠨ ᠨᠠᠮ ᠤᠨ | ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ᠬᠤᠶᠠᠷ᠂ ᠳᠤᠳᠤᠭᠠᠳᠤ ᠶᠢᠨ ᠪᠠᠶᠢᠭᠤᠯᠤᠮᠵᠢ | ︵ᠨᠢᠭᠡ︶ ᠶᠡᠷᠦᠩᠬᠡᠶᠢᠯᠡᠭᠰᠡᠨ ᠠᠯᠪᠠᠨ ᠭᠡᠷ᠃ ᠪᠠᠶᠢᠭᠤᠯᠤᠯᠭ᠎ᠠ ᠶᠢᠨ ᠡᠳᠦᠷ ᠲᠤᠲᠤᠮ ᠤᠨ ᠠᠵᠢᠯ ᠢ | ᠬᠠᠷᠢᠭᠤᠴᠠᠨ᠎ᠠ᠃ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠰᠢᠢᠳᠪᠦᠷᠢᠯᠡᠬᠦ᠂ ᠬᠤᠷᠠᠯ ᠤᠨ ᠶᠠᠪᠤᠳᠠᠯ᠂ ᠨᠢᠭᠤᠴᠠ | ᠮᠠᠲ᠋ᠧᠷᠢᠶᠠᠯ᠂ ᠮᠡᠳᠡᠭᠡ ᠵᠠᠩᠭᠢ᠂ ᠨᠢᠭᠤᠴᠠ ᠶᠢ ᠬᠠᠮᠠᠭᠠᠯᠠᠬᠤ᠂ ᠰᠣᠨᠢᠨ ᠮᠡᠳᠡᠭᠡᠨ ᠤ ᠤᠬᠠᠭᠤᠯᠭ᠎ᠠ᠂ ᠪᠢᠴᠢᠭ ᠬᠠᠷ᠎ᠠ | ᠳᠠᠩᠰᠠ ᠡᠪᠬᠡᠮᠡᠯ ᠵᠡᠷᠭᠡ ᠠᠵᠢᠯ ᠢ ᠬᠠᠷᠢᠭᠤᠴᠠᠨ᠎ᠠ᠃ ᠴᠢᠬᠤᠯᠠ ᠡᠬᠡ ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠵᠤ᠂ | ᠪᠠᠶᠢᠭᠤᠯᠭ᠎ᠠ ᠶᠢᠨ ᠳᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ᠃ ᠵᠠᠰᠠᠭ ᠤᠨ ᠶᠠᠪᠤᠳᠠᠯ ᠢ ᠢᠯᠡ | ᠪᠣᠯᠭᠠᠬᠤ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠴᠢᠬᠤᠯᠠ ᠠᠵᠢᠯ ᠤᠨ ᠵᠦᠢᠯᠡᠰ ᠢ ᠰᠢᠮᠳᠠᠭᠤᠯᠤᠨ ᠪᠠᠶᠢᠴᠠᠭᠠᠵᠤ | ᠰᠢᠮᠳᠠᠭᠤᠯᠤᠨ ᠭᠦᠢᠴᠡᠳᠬᠡᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠠᠨᠠᠭᠤᠯᠭ᠎ᠠ᠂ ᠤᠯᠤᠰ | ᠲᠦᠷᠦ ᠶᠢᠨ ᠵᠥᠪᠯᠡᠯᠭᠡᠨ ᠤ ᠳᠤᠷᠠᠳᠤᠯᠭ᠎ᠠ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ ᠭᠦᠢᠴᠡᠳᠬᠡᠨ᠎ᠡ᠃ ᠪᠠᠶᠢᠭᠤᠯᠭ᠎ᠠ | ᠵᠢᠴᠢ ᠬᠤᠶᠠᠳᠤᠭᠠᠷ ᠳᠡᠰ ᠤᠨ ᠨᠢᠭᠡᠴᠢ ᠶᠢᠨ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠤᠨ ᠪᠠ ᠠᠷᠢᠭᠤᠨ | ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠠᠷᠢᠭᠤᠨ ᠴᠡᠪᠡᠷ ᠳᠤᠯᠠᠭᠠᠯᠠᠭ᠎ᠠ ᠶᠢᠨ | ᠥᠭᠡᠷᠡᠴᠢᠯᠡᠯᠲᠡ᠂ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ | ᠵᠠᠰᠠᠬᠤ ᠶᠢ ᠬᠠᠷᠢᠭᠤᠴᠠᠨ᠎ᠠ᠃ ᠲᠣᠪᠴᠢᠶ᠎ᠠ ᠶᠢᠨ ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ | ᠪᠠᠲᠤᠯᠠᠭ᠎ᠠ ᠶᠢᠨ ᠦᠢᠯᠡᠴᠢᠯᠡᠭᠡ ᠶᠢ ᠬᠠᠷᠢᠭᠤᠴᠠᠨ᠎ᠠ᠃ | ︵ᠬᠤᠶᠠᠷ︶ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠨᠢᠭᠡ ᠭᠡᠷ᠃ ᠪᠠᠷᠢᠯᠭ᠎ᠠ ᠶᠢᠨ ᠲᠥᠷᠥᠯ ᠵᠦᠢᠯ ᠢ | ᠬᠢᠨᠠᠨ ᠬᠠᠮᠢᠶᠠᠷᠬᠤ᠂ ᠪᠠᠷᠢᠯᠭ᠎ᠠ ᠶᠢ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ᠂ ᠪᠠᠷᠢᠯᠭ᠎ᠠ ᠶᠢᠨ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠪᠠᠷᠢᠯᠭ᠎ᠠ ᠪᠠᠷᠢᠬᠤ ᠵᠥᠪᠰᠢᠶᠡᠷᠡᠯ᠂ ᠲᠠᠸᠠᠷ ᠤᠨ ᠭᠡᠷ | ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ ᠵᠢᠴᠢ ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ | ᠳᠠᠩᠰᠠᠯᠠᠬᠤ ᠶᠢ ᠬᠠᠷᠢᠭᠤᠴᠠᠵᠤ᠂ ᠪᠠᠷᠢᠯᠭ᠎ᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠢᠨᠠᠨ ᠪᠠᠶᠢᠴᠠᠭᠠᠵᠤ᠂ | ᠪᠠᠷᠢᠯᠭ᠎ᠠ ᠶᠢᠨ ᠵᠠᠬ᠎ᠠ ᠳᠡᠯᠭᠡᠭᠦᠷ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠨ᠎ᠡ᠃ ᠵᠠᠰᠠᠭ ᠤᠨ ᠶᠠᠪᠤᠳᠠᠯ ᠤᠨ ᠲᠥᠪ ᠲᠤ ᠣᠷᠣᠵᠤ ᠰᠠᠭᠤᠭᠰᠠᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠵᠦᠢᠯᠡᠰ ᠢ ᠬᠢᠨᠠᠨ ᠬᠠᠷᠭᠤᠭᠤᠯᠬᠤ ᠶᠢ ᠬᠠᠷᠢᠭᠤᠴᠠᠨ᠎ᠠ᠃ ᠲᠣᠰᠬᠤᠨ ᠪᠠᠯᠭᠠᠰᠤ ᠶᠢᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ᠂ | ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ᠂ ᠨᠤᠷᠠᠬᠤ ᠠᠶᠤᠯᠲᠠᠶ ᠬᠡᠷ ᠪᠠᠶᠢᠰᠢᠩ ᠢ | ᠥᠭᠡᠷᠡᠴᠢᠯᠡᠨ ᠰᠢᠨᠡᠳᠬᠡᠬᠦ ᠠᠵᠢᠯ ᠢ ᠬᠠᠷᠢᠭᠤᠴᠠᠨ ᠵᠢᠯᠣᠭᠤᠳᠤᠨ᠎ᠠ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ | ᠢᠵᠢ ᠪᠦᠷᠢᠳᠦᠭᠦᠯᠬᠦ ᠵᠠᠷᠤᠳᠠᠯ ᠲᠠᠲᠠᠪᠤᠷᠢᠯᠠᠬᠤ ᠶᠢ ᠬᠠᠷᠢᠭᠤᠴᠠᠨ᠎ᠠ᠃ | ︵ᠭᠤᠷᠪᠠ︶ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠬᠤᠶᠠᠷ ᠭᠡᠷ᠃ ᠬᠤᠲᠠ ᠶᠢᠨ ᠶᠠᠪᠤᠳᠠᠯ ᠤᠨ | ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠ ᠠᠮᠤᠷ ᠲᠦᠪᠰᠢᠨ ᠢᠶᠠᠷ ᠠᠵᠢᠯᠯᠠᠭᠤᠯᠬᠤ᠂ ᠬᠤᠲᠠ | ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ᠂ ᠬᠠᠶᠢᠮᠢᠶᠠᠨ ᠬᠤᠲᠠ ᠶᠢᠨ ᠪᠥᠲᠥᠭᠡᠨ ᠪᠠᠶᠢᠭᠤᠯᠤᠯᠲᠠ᠂ | ᠠᠮᠢᠳᠤᠷᠠᠯ ᠤᠨ ᠬᠤᠭ ᠨᠣᠪᠰᠢ ᠶᠢ ᠶᠡᠷᠦᠩᠬᠡᠶᠢᠯᠡᠨ ᠵᠠᠰᠠᠬᠤ᠂ ᠬᠤᠲᠠ ᠶᠢᠨ ᠭᠠᠵᠠᠷ ᠳᠣᠤᠷᠠᠬᠢ ᠬᠤᠭᠤᠯᠠᠶ ᠶᠢᠨ ᠲᠣᠤᠷ᠂ | ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ ᠶᠢ ᠬᠠᠷᠢᠭᠤᠴᠠᠨ᠎ᠠ᠃ | ︵ᠲᠦᠷᠪᠡ︶ ᠵᠠᠮ ᠬᠠᠷᠢᠯᠴᠠᠬᠠᠨ ᠤ ᠪᠦᠲᠦᠭᠡᠨ ᠪᠠᠶᠢᠬᠤᠯᠤᠯᠲᠠ ᠶᠢᠨ ᠬᠠᠮᠢᠶᠠᠷᠤᠯᠲᠠ ᠶᠢᠨ ᠠᠯᠪᠠᠨ ᠭᠡᠷ᠃ | ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ᠂ ᠬᠤᠲᠠ ᠶᠢᠨ ᠲᠣᠭᠤᠷᠢᠭ ᠤᠨ ᠣᠯᠠᠨ ᠨᠡᠶᠢᠲᠡ ᠶᠢᠨ ᠵᠠᠮ | ᠬᠠᠷᠢᠯᠴᠠᠭᠠᠨ ᠤ ᠬᠠᠮᠢᠶᠠᠷᠤᠯᠲᠠ᠂ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠡᠯᠡᠳᠬᠡᠮᠵᠢ ᠶᠢᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ᠂ ᠠᠭᠤᠷᠬᠠᠶ ᠶᠢᠨ ᠣᠷᠣᠨ ᠤ ᠵᠠᠮ ᠤᠨ ᠲᠣᠭᠤᠰᠣ ᠳᠡᠭᠳᠡᠬᠦ ᠶᠢ ᠵᠠᠰᠠᠬᠤ᠂ ᠬᠥᠳᠡᠭᠡ | ᠲᠣᠰᠬᠤᠨ ᠤ ᠵᠠᠰᠠᠮᠠᠯ ᠵᠠᠮ ᠤᠨ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠵᠢᠭᠰᠠᠭᠠᠨ ᠪᠠᠶᠢᠴᠠᠭᠠᠯᠲᠠ ᠶᠢ | ᠬᠠᠷᠢᠭᠤᠴᠠᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠠᠵᠢᠯ ᠢ | ᠬᠠᠷᠢᠭᠤᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠲᠣᠬᠢᠷᠠᠭᠤᠯᠬᠤ᠂ ᠭᠤᠣᠯᠳᠠᠯᠭ᠎ᠠ ᠲᠠᠢ | ᠣᠷᠣᠨ ᠪᠦᠰᠡ ᠶᠢᠨ ᠡᠳ᠋ ᠪᠠᠷᠠᠭᠠᠨ ᠤ ᠭᠦᠢᠯᠭᠡᠭᠡᠨ ᠤ ᠵᠠᠮ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠨ᠎ᠠ᠃ | ︽12345︾ ᠲᠣᠭᠠᠴᠢᠯᠠᠭᠰᠠᠨ ᠲᠠᠪᠴᠠᠩ ᠤᠨ ᠬᠡᠷᠡᠭ ᠢ ᠰᠢᠢᠳᠪᠦᠷᠢᠯᠡᠬᠦ ᠶᠢ ᠬᠠᠷᠢᠭᠤᠴᠠᠨ᠎ᠠ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ | ᠬᠠᠷᠢᠭᠤᠴᠠᠨ᠎ᠠ᠃ | ᠭᠤᠷᠪᠠ᠂ ᠬᠤᠶᠠᠳᠤᠭᠠᠷ ᠳᠡᠰ ᠤᠨ ᠨᠢᠭᠡᠴᠢ | ᠬᠠᠷᠢᠶ᠎ᠠ 3 ᠠᠵᠢᠯ ᠦᠢᠯᠡᠰ ᠤᠨ ᠨᠢᠭᠡᠴᠡ᠄ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠮᠡᠷᠭᠡᠵᠢᠯ ᠤᠨ ᠦᠢᠯᠡᠴᠢᠯᠡᠭᠡᠨ ᠤ ᠲᠥᠪ᠂ | ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠭᠡᠷ ᠬᠥᠷᠥᠩᠭᠡ ᠪᠠ ᠠᠳᠠᠯ ᠠᠬᠤᠢ ᠶᠢᠨ ᠦᠢᠯᠡᠴᠢᠯᠡᠭᠡᠨ ᠤ ᠲᠥᠪ | ᠵᠢᠴᠢ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠲᠤ ᠴᠥᠮ ᠳᠣᠲᠣᠭᠠᠳᠤ ᠪᠠᠶᠢᠭᠤᠯᠤᠮᠵᠢ ᠲᠣᠬᠢᠷᠠᠭᠤᠯᠬᠤ | ᠦᠭᠡᠢ᠃ | ︵ᠨᠢᠭᠡ︶ ᠦᠬᠠᠶ ᠬᠤᠲᠠ ᠶᠢᠨ ᠬᠠᠶᠢᠨ᠋ᠠᠨ ᠲᠤᠬᠤᠷᠢᠭ ᠤᠨ ᠪᠦᠲᠦᠭᠡᠨ ᠪᠠᠶᠢᠬᠤᠯᠤᠯᠲᠠ ᠶᠢᠨ ᠪᠠᠷᠢᠯᠭ᠎ᠠ ᠶᠢᠨ | ᠶᠠᠰᠤ ᠴᠢᠨ᠋ᠠᠷ ᠤᠨ ᠠᠮᠤᠷ ᠲᠦ᠋ᠪᠰᠢᠨ ᠤ ᠮᠡᠷᠭᠡᠵᠢᠯ ᠤᠨ ᠦᠶ᠋ᠯᠡᠴᠢᠯᠡᠭᠡᠨ ᠤ ᠲᠥᠪ᠃ | ᠭᠤᠣᠯ ᠡᠭᠦᠷᠭᠡ ᠬᠠᠷᠢᠭᠤᠴᠠᠯᠭ᠎ᠠ ᠨᠢ᠄ 1. ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ | ᠠᠮᠤᠷ ᠲᠦᠪᠰᠢᠨ᠂ ᠶᠠᠰᠤ ᠴᠢᠨᠠᠷ ᠤᠨ ᠲᠤᠬᠠᠶ ᠬᠠᠤᠯᠢ ᠴᠠᠭᠠᠵᠠ᠂ ᠬᠠᠤᠯᠢ ᠲᠣᠭᠲᠠᠭᠠᠯ᠂ ᠴᠢᠭᠯᠡᠯᠲᠡ ᠲᠥᠷᠥ ᠶᠢᠨ | ᠪᠣᠳᠣᠯᠭ᠎ᠠ᠂ ᠪᠠᠷᠢᠯᠭ᠎ᠠ ᠶᠢᠨ ᠮᠡᠷᠭᠡᠵᠢᠯ ᠤᠨ ᠪᠠᠷᠢᠮᠵᠢᠶ᠎ᠠ ᠵᠡᠷᠭᠡ ᠶᠢ ᠲᠤᠤᠱᠯᠠᠭᠤᠯᠤᠨ ᠬᠡᠷᠡᠭᠵᠢᠭᠦᠯᠵᠦ᠂ ᠬᠠᠶᠢᠨᠠᠨ | ᠲᠣᠭᠤᠷᠢᠭ ᠤᠨ ᠪᠠᠷᠢᠯᠭ᠎ᠠ ᠶᠢᠨ ᠠᠮᠤᠷ ᠲᠦᠪᠰᠢᠨ᠂ ᠶᠠᠰᠤ ᠴᠢᠨᠠᠷ ᠲᠤ ᠬᠢᠨᠠᠯᠲᠠ ᠲᠠᠯᠪᠢᠬᠤ ᠵᠡᠷᠭᠡ ᠮᠡᠷᠭᠡᠵᠢᠯ ᠤᠨ | ᠦᠢᠯᠡᠴᠢᠯᠡᠭᠡᠨ ᠤ ᠠᠵᠢᠯ ᠢ ᠡᠭᠦᠷᠭᠡᠯᠡᠵᠦ᠂ ᠵᠣᠬᠢᠴᠠᠩᠭᠤᠶ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | 2. ᠪᠦᠬᠦ ᠣᠷᠣᠨ ᠤ ᠭᠡᠷ ᠪᠠᠶᠢᠰᠢᠩ ᠤᠨ ᠪᠠᠷᠢᠯᠭ᠎ᠠ ᠶᠢᠨ ᠠᠵᠢᠯ ᠪᠣᠯᠤᠨ ᠬᠤᠲᠠ ᠶᠢᠨ ᠶᠠᠪᠤᠳᠠᠯ ᠤᠨ ᠰᠠᠭᠤᠷᠢ | ᠪᠡᠯᠡᠳᠬᠡᠮᠵᠢ ᠶᠢᠨ ᠪᠠᠷᠢᠯᠭ᠎ᠠ ᠶᠢᠨ ᠠᠶᠤᠯ ᠦᠭᠡᠶ ᠶᠢᠨ ᠶᠠᠰᠤ ᠴᠢᠨᠠᠷ ᠵᠡᠷᠭᠡ ᠮᠡᠷᠭᠡᠵᠢᠯ ᠤᠨ ᠦᠢᠯᠡᠴᠢᠯᠡᠭᠡᠨ ᠤ ᠠᠵᠢᠯ ᠢ | ᠡᠭᠦᠷᠭᠡᠯᠡᠵᠦ᠂ ᠪᠦᠬᠦ ᠣᠷᠣᠨ ᠤ ᠪᠠᠷᠢᠯᠭ᠎ᠠ ᠶᠢᠨ ᠠᠵᠢᠯ ᠤᠨ ᠠᠶᠤᠯ ᠦᠭᠡᠶ᠂ ᠶᠠᠰᠤ ᠴᠢᠨᠠᠷ ᠤᠨ ᠪᠠᠶᠢᠴᠠᠭᠠᠯᠲᠠ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠣᠷᠣᠨ ᠤ ᠪᠠᠷᠢᠯᠭ᠎ᠠ ᠶᠢᠨ ᠠᠶᠤᠯ ᠦᠭᠡᠶ᠂ ᠶᠠᠰᠤ ᠴᠢᠨᠠᠷ ᠤᠨ | ᠪᠠᠶᠢᠳᠠᠯ ᠢ ᠡᠵᠡᠮᠰᠢᠨ᠂ ᠪᠠᠷᠢᠯᠭ᠎ᠠ ᠶᠢᠨ ᠠᠶᠤᠯ ᠦᠭᠡᠶ᠂ ᠶᠠᠰᠤ ᠴᠢᠨᠠᠷ ᠤᠨ ᠬᠠᠮᠢᠶᠠᠷᠤᠯᠲᠠ ᠶᠢᠨ ᠲᠤᠷᠰᠢᠯᠭ᠎ᠠ ᠶᠢ ᠴᠠᠭ | ᠲᠤᠬᠠᠶ ᠳᠤᠨᠢ ᠳ᠋ᠦᠩᠨᠡᠵᠦ᠂ ᠰᠣᠯᠢᠯᠴᠠᠨ ᠳᠡᠯᠭᠡᠷᠡᠭᠦᠯᠬᠦ ᠬᠡᠷᠡᠭᠲᠡᠶ᠃ 3. ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠡᠯ᠎ᠡ ᠲᠠᠯ᠎ᠠ ᠶᠢᠨ ᠭᠤᠣᠯ ᠴᠣᠭᠴᠠ ᠵᠢᠴᠢ ᠬᠤᠯᠪᠣᠭᠳᠠᠯ ᠪᠦᠬᠦᠢ ᠪᠠᠶᠢᠭᠤᠯᠤᠮᠵᠢ ᠶᠢᠨ ᠠᠮᠤᠷ | ᠲᠦᠪᠰᠢᠨ᠂ ᠶᠠᠰᠤ ᠴᠢᠨᠠᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠪᠣᠯᠣᠨ ᠪᠠᠷᠢᠯᠭ᠎ᠠ ᠶᠢᠨ | ᠪᠣᠳᠠᠲᠤ ᠴᠣᠭᠴᠠ ᠶᠢᠨ ᠠᠮᠤᠷ ᠲᠦᠪᠰᠢᠨ᠂ ᠶᠠᠰᠤ ᠴᠢᠨᠠᠷ ᠤᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ | ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠡᠭᠦᠷᠭᠡᠯᠡᠵᠦ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠤᠯ | ᠦᠭᠡᠢ ᠦᠢᠯᠡᠳᠪᠦᠷᠢᠯᠡᠯ ᠤᠨ ᠠᠳᠡᠯ ᠵᠢᠴᠢ ᠪᠠᠶᠢᠴᠠᠭᠠᠨ ᠰᠢᠢᠳᠪᠦᠷᠢᠯᠡᠬᠦ ᠮᠠᠲ᠋ᠧᠷᠢᠶᠠᠯ ᠤᠨ ᠬᠠᠮᠢᠶ᠎ᠠ ᠪᠦᠬᠦᠢ | ᠮᠡᠷᠭᠡᠵᠢᠯ ᠤᠨ ᠲᠤᠰᠠᠯᠠᠬᠤ ᠴᠢᠨᠠᠷᠲᠠᠢ ᠠᠵᠢᠯ ᠢ ᠳᠡᠭᠡᠭᠰᠢ ᠮᠡᠳᠡᠭᠦᠯᠵᠦ᠂ ᠬᠠᠶᠢᠨᠠᠨ ᠲᠣᠭᠤᠷᠢᠭ ᠤᠨ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠪᠠᠷᠢᠯᠭ᠎ᠠ ᠶᠢᠨ ᠶᠠᠰᠤ ᠴᠢᠨᠠᠷ ᠲᠤ | ᠬᠢᠨᠠᠯᠲᠠ ᠲᠠᠯᠪᠢᠭᠰᠠᠨ ᠮᠡᠳᠡᠭᠦᠯᠦᠯᠲᠡ ᠶᠢ ᠲᠤᠰᠢᠶᠠᠵᠤ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ | ᠣᠷᠣᠯᠴᠠᠭᠰᠠᠨ ᠡᠯ᠎ᠡ ᠲᠠᠯ᠎ᠠ ᠶᠢᠨ ᠬᠠᠷᠢᠭᠤᠴᠠᠯᠭᠠᠲᠤ ᠭᠤᠣᠯ ᠴᠣᠭᠴᠠ ᠶᠢᠨ ᠠᠮᠤᠷ ᠲᠦᠪᠰᠢᠨ᠂ ᠶᠠᠰᠤ ᠴᠢᠨᠠᠷ ᠤᠨ | ᠢᠲᠡᠭᠡᠯ ᠬᠦᠨᠳᠦ ᠳᠤ ᠮᠡᠷᠭᠡᠵᠢᠯ ᠤᠨ ᠦᠢᠯᠡᠴᠢᠯᠡᠭᠡᠨ ᠤ ᠠᠵᠢᠯ ᠬᠢᠨ᠎ᠡ᠃ 5. ᠬᠠᠷᠢᠭᠤᠴᠠᠯᠭ᠎ᠠ ᠶᠢᠨ ᠭᠤᠣᠯ ᠴᠣᠭᠴᠠ | ᠪᠣᠯᠤᠨ ᠬᠤᠯᠪᠣᠭᠳᠠᠯ ᠪᠦᠬᠦᠢ ᠪᠠᠶᠢᠭᠤᠯᠤᠮᠵᠢ ᠶᠢᠨ ᠬᠠᠤᠯᠢ ᠠᠴᠠ ᠵᠥᠷᠢᠴᠡᠭᠰᠡᠨ᠂ ᠲᠣᠭᠲᠠᠭᠠᠯ ᠠᠴᠠ ᠵᠥᠷᠢᠴᠡᠭᠰᠡᠨ | ᠦᠢᠯᠡ ᠠᠵᠢᠯᠯᠠᠭ᠎ᠠ ᠳᠤ ᠪᠠᠶᠢᠴᠠᠭᠠᠯᠲᠠ ᠬᠢᠵᠦ ᠭᠡᠷᠡᠴᠢ ᠠᠪᠬᠤ ᠪᠠ ᠬᠢᠨᠠᠨ ᠬᠠᠷᠭᠤᠭᠤᠯᠬᠤ ᠠᠵᠢᠯ ᠢ ᠡᠭᠦᠷᠭᠡᠯᠡᠵᠦ᠂ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠳᠬᠡᠯ ᠥᠭᠬᠦ ᠬᠠᠮᠢᠶ᠎ᠠ | ᠪᠦᠬᠦᠢ ᠵᠠᠰᠠᠭ ᠵᠠᠬᠢᠷᠭᠠᠨ ᠤ ᠬᠠᠪᠰᠤᠷᠤᠮᠵᠢ ᠴᠢᠨᠠᠷᠲᠠᠶ ᠠᠵᠢᠯ ᠢ ᠡᠭᠦᠷᠭᠡᠯᠡᠨ᠎ᠡ᠃ 6. ᠪᠦᠬᠦ ᠣᠷᠣᠨ ᠤ ᠭᠡᠷ | ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠪᠠᠷᠢᠯᠭ᠎ᠠ ᠶᠢᠨ ᠭᠠᠵᠠᠷ ᠬᠥᠳᠡᠯᠦᠯᠲᠡ ᠶᠢ ᠳᠠᠭᠠᠭᠠᠬᠤ᠂ | ᠬᠠᠶᠢᠨ ᠪᠠᠶᠢᠴᠠᠭᠠᠬᠤ᠂ ᠵᠢᠷᠤᠭᠯᠠᠨ ᠲᠥᠯᠥᠪᠯᠡᠬᠦ᠂ ᠠᠶᠤᠯ ᠦᠭᠡᠶ ᠴᠢᠨᠠᠷ ᠢ ᠦᠨᠡᠯᠡᠨ ᠵᠢᠱᠢᠵᠦ ᠬᠢᠨᠠᠨ ᠲᠣᠭᠲᠠᠭᠠᠵᠤ | ᠥᠭᠡᠷᠡᠴᠢᠯᠡᠬᠦ ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠡᠭᠦᠷᠭᠡᠯᠡᠨ᠎ᠡ᠃ 7᠂ ᠪᠦᠬᠦ ᠣᠷᠣᠨ ᠤ ᠪᠠᠷᠢᠯᠭ᠎ᠠ ᠶᠢᠨ | ᠡᠨᠧᠷᠭᠢ ᠠᠷᠪᠢᠯᠠᠬᠤ ᠮᠡᠷᠭᠡᠵᠢᠯ ᠤᠨ ᠦᠢᠯᠡᠴᠢᠯᠡᠭᠡᠨ ᠤ ᠠᠵᠢᠯ᠂ ᠪᠠᠷᠢᠯᠭ᠎ᠠ ᠶᠢᠨ ᠡᠨᠧᠷᠭᠢ ᠶᠢᠨ ᠬᠤᠷᠣᠭᠳᠠᠯ ᠤᠨ | ᠲᠤᠭ᠎ᠠ ᠪᠦᠷᠢᠳᠬᠡᠯ ᠤᠨ ᠠᠵᠢᠯ ᠢ ᠡᠭᠦᠷᠭᠡᠯᠡᠨ᠎ᠡ᠃ ᠪᠣᠬᠢᠷᠲᠤᠯ ᠦᠭᠡᠶ ᠪᠠᠷᠢᠯᠭ᠎ᠠ᠂ ᠡᠨᠧᠷᠭᠢ ᠶᠢᠨ ᠬᠤᠷᠣᠭᠳᠠᠯ ᠪᠠᠭ᠎ᠠ | ᠬᠥᠳᠡᠯᠦᠩᠭᠦᠶ ᠪᠠᠷᠢᠯᠭ᠎ᠠ᠂ ᠳᠠᠬᠢᠨ ᠡᠭᠦᠰᠴᠦ ᠪᠣᠯᠬᠤ ᠡᠨᠧᠷᠭᠢ ᠶᠢᠨ ᠪᠠᠷᠢᠯᠭ᠎ᠠ ᠪᠣᠯᠤᠨ ᠪᠣᠬᠢᠷᠲᠤᠯ ᠦᠭᠡᠶ | ᠪᠠᠷᠢᠯᠭ᠎ᠠ ᠶᠢᠨ ᠮᠠᠲ᠋ᠧᠷᠢᠶᠠᠯ᠂ ᠰᠢᠨ᠎ᠡ ᠮᠠᠶ᠋ᠢᠭ ᠤᠨ ᠬᠡᠷᠡᠮ ᠤᠨ ᠮᠠᠲ᠋ᠧᠷᠢᠶᠠᠯ ᠵᠡᠷᠭᠡ ᠶᠢᠨ ᠮᠡᠷᠭᠡᠵᠢᠯ ᠤᠨ | ᠰᠢᠨᠡᠴᠢᠯᠡᠯᠲᠡ ᠶᠢ ᠳᠡᠯᠭᠡᠷᠡᠭᠦᠯᠦᠨ ᠬᠡᠷᠡᠭᠯᠡᠬᠦ ᠠᠵᠢᠯ ᠢ ᠡᠭᠦᠷᠭᠡᠯᠡᠨ᠎ᠡ᠃ ︵ᠬᠠᠷᠢᠭᠤᠴᠠᠯᠭᠠᠲᠠᠨ᠄ ᠪᠦᠦ ᠳ᠋ᠧ ᠱᠧᠩ᠂ | ᠬᠠᠷᠢᠯᠴᠠᠬᠤ ᠠᠷᠭ᠎ᠠ ᠬᠡᠯᠪᠡᠷᠢ᠄ 0473-4021168︶ | ︵ᠬᠤᠶᠠᠷ︶ ᠦᠬᠠᠶ ᠬᠤᠲᠠ ᠶᠢᠨ ᠬᠠᠶᠢᠨ᠋ᠠᠨ ᠲᠤᠬᠤᠷᠢᠭ ᠤᠨ ᠭᠡᠷ ᠬᠥᠷᠥᠩᠭᠡ ᠪᠠ ᠠᠳᠠᠯ ᠠᠬᠤᠶ ᠶᠢᠨ | ᠦᠶ᠋ᠯᠡᠴᠢᠯᠡᠭᠡᠨ ᠤ ᠲᠥᠪ᠃ | ᠭᠤᠣᠯ ᠡᠭᠦᠷᠭᠡ ᠬᠠᠷᠢᠭᠤᠴᠠᠯᠭ᠎ᠠ ᠨᠢ᠄ 1. ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢ ᠬᠠᠮᠵᠢᠨ ᠪᠦᠬᠦ ᠣᠷᠣᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ | ᠣᠨ ᠤ ᠲᠥᠯᠥᠪᠯᠡᠭᠡ ᠶᠢ ᠲᠣᠭᠲᠠᠭᠠᠵᠤ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ | ᠪᠠᠶᠢᠭᠤᠯᠤᠯᠲᠠ ᠶᠢᠨ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ | ᠠᠵᠢᠯ ᠢ ᠡᠭᠦᠷᠭᠡᠯᠡᠨ᠎ᠡ᠃ 2. ᠪᠠᠲᠤᠯᠠᠭ᠎ᠠ ᠶᠢᠨ ᠡᠲᠡᠭᠡᠳ ᠢ ᠬᠢᠨᠠᠨ ᠬᠠᠷᠭᠤᠭᠤᠯᠬᠤ᠂ ᠨᠡᠶᠢᠲᠡ ᠶᠢᠨ ᠲᠦᠷᠢᠶᠡᠰᠦᠨ | ᠭᠡᠷ ᠪᠠᠶᠢᠰᠢᠩ ᠢ ᠲᠦᠷᠢᠶᠡᠰᠦᠯᠡᠭᠦᠯᠬᠦ᠂ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠲᠦᠷᠢᠶᠡᠰᠦᠨ | ᠮᠥᠩᠭᠦ ᠶᠢᠨ ᠨᠥᠬᠦᠪᠥᠷᠢ ᠶᠢ ᠣᠯᠭᠤᠬᠤ ᠪᠠ ᠬᠠᠮᠢᠶᠠᠷᠬᠤ ᠵᠡᠷᠭᠡ ᠵᠠᠰᠠᠭ ᠵᠠᠬᠢᠷᠭᠠᠨ ᠤ ᠲᠤᠰᠠᠯᠠᠬᠤ ᠴᠢᠨᠠᠷᠲᠠᠶ ᠠᠵᠢᠯ ᠢ | ᠡᠭᠦᠷᠭᠡᠯᠡᠨ᠎ᠡ᠃ 3. ᠪᠦᠬᠦ ᠣᠷᠣᠨ ᠤ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠶ ᠶᠢᠨ | ᠦᠢᠯᠡᠴᠢᠯᠡᠭᠡᠨ ᠤ ᠠᠵᠢᠯᠯᠠᠭ᠎ᠠ ᠶᠢ ᠵᠢᠯᠣᠭᠤᠳᠬᠤ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃ 4. ᠪᠥᠬᠦ ᠣᠷᠣᠨ ᠤ | ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠳᠤ ᠢᠲᠡᠭᠡᠮᠵᠢ ᠶᠢᠨ ᠦᠨᠡᠯᠡᠯᠲᠡ ᠬᠢᠨ᠎ᠡ | ︵ᠭᠤᠷᠪᠠ︶ ᠦᠬᠠᠶ ᠬᠤᠲᠠ ᠶᠢᠨ ᠬᠠᠶᠢᠨ᠋ᠠᠨ ᠲᠤᠬᠤᠷᠢᠭ ᠤᠨ ᠤᠷᠤᠨ ᠰᠠᠬᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠬᠤᠯᠤᠯᠲᠠ ᠶᠢᠨ ᠦᠶ᠋ᠯᠡᠰ ᠤᠨ ᠬᠥᠭᠵᠢᠯᠲᠡ ᠶᠢᠨ ᠲᠥᠪ᠃ ᠭᠤᠤᠯ ᠡᠭᠦᠷᠭᠡ ᠬᠠᠷᠢᠭᠤᠴᠠᠯᠭ᠎ᠠ ᠨᠢ᠄ 1. | ᠬᠤᠲᠠ ᠪᠣᠯᠤᠨ ᠲᠣᠰᠬᠤᠨ ᠪᠠᠯᠭᠠᠰᠤ ᠶᠢᠨ ᠲᠥᠯᠥᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠪᠣᠯᠤᠨ ᠵᠠᠰᠠᠮᠠᠯ ᠵᠠᠮ | ᠵᠢᠴᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠠᠭᠠᠯᠠᠯᠲᠠ ᠶᠢᠨ ᠠᠵᠢᠯ ᠤᠨ ᠬᠠᠮᠢᠶ᠎ᠠ ᠪᠦᠬᠦᠢ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠪᠦᠬᠦ | ᠣᠷᠣᠨ ᠤ ᠬᠤᠲᠠ ᠶᠢᠨ ᠪᠦᠲᠦᠭᠡᠨ ᠪᠠᠶᠢᠭᠤᠯᠤᠯᠲᠠ ᠪᠣᠯᠤᠨ ᠭᠠᠴᠠᠭ᠎ᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢᠨ ᠲᠠᠯ᠎ᠠ ᠪᠠᠷ ᠰᠤᠳᠤᠯᠵᠤ ᠨᠤᠲᠠᠯᠠᠬᠤ ᠠᠵᠢᠯ ᠳᠤ ᠣᠷᠣᠯᠴᠠᠨ᠎ᠠ᠃ 2. ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠬᠠᠮᠢᠶ᠎ᠠ ᠪᠦᠬᠦᠢ ᠪᠠᠷᠢᠮᠵᠢᠶ᠎ᠠ᠂ ᠵᠢᠷᠤᠮᠵᠢᠯ ᠲᠠᠢ ᠨᠠᠶᠢᠷᠠᠭᠤᠯᠤᠨ ᠵᠣᠬᠢᠶᠠᠬᠤ ᠮᠡᠷᠭᠡᠵᠢᠯ ᠤᠨ | ᠲᠤᠯᠭᠠᠭᠤᠷᠢᠯᠠᠬᠤ ᠠᠵᠢᠯ ᠢ ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠶ᠃ 3. ᠪᠦᠬᠦ ᠣᠷᠣᠨ ᠤ ᠬᠤᠲᠠ ᠪᠠᠯᠭᠠᠰᠤᠨ ᠤ | ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ | ᠬᠥᠭᠵᠢᠯᠲᠡ ᠶᠢᠨ ᠮᠡᠷᠭᠡᠵᠢᠯ ᠤᠨ ᠲᠤᠯᠭᠠᠭᠤᠷᠢᠯᠠᠯ ᠪᠣᠯᠤᠨ ᠠᠵᠢᠯᠯᠠᠭᠠᠨ ᠢ ᠪᠠᠲᠤᠯᠠᠬᠤ ᠠᠵᠢᠯ ᠢ ᠡᠭᠦᠷᠭᠡᠯᠡᠨ᠎ᠡ᠃ 4. | ᠪᠥᠬᠦ ᠣᠷᠣᠨ ᠤ ᠬᠠᠶᠢᠮᠢᠶᠠᠨ ᠬᠤᠲᠠ᠂ ᠬᠤᠲᠠ ᠶᠢᠨ ᠬᠤᠤᠰ ᠵᠠᠰᠠᠯᠲᠠ᠂ ᠬᠤᠲᠠ ᠶᠢᠨ ᠳᠦᠷᠰᠦ ᠪᠠᠶᠢᠳᠠᠯ ᠪᠠ | ᠬᠤᠲᠠ ᠶᠢᠨ ᠭᠠᠵᠠᠷ ᠳᠣᠤᠷᠠᠬᠢ ᠬᠤᠭᠤᠯᠠᠶ ᠱᠤᠭᠤᠮ ᠤᠨ ᠪᠥᠲᠥᠭᠡᠨ ᠪᠠᠶᠢᠭᠤᠯᠤᠯᠲᠠ ᠶᠢᠨ ᠮᠡᠷᠭᠡᠵᠢᠯ ᠤᠨ | ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ 5. ᠪᠥᠬᠦ ᠣᠷᠣᠨ ᠤ ᠪᠠᠶᠢᠭᠤᠯᠤᠮᠵᠢᠲᠤ ᠪᠠᠯᠭᠠᠰᠤᠨ ᠤ ᠪᠣᠬᠢᠷ ᠤᠰᠤ ᠶᠢ | ᠵᠠᠰᠠᠬᠤ᠂ ᠨᠡᠶᠢᠲᠡ ᠶᠢᠨ ᠵᠣᠷᠯᠣᠩ ᠢ ᠥᠭᠡᠷᠡᠴᠢᠯᠡᠬᠦ ᠮᠡᠷᠭᠡᠵᠢᠯ ᠤᠨ ᠲᠤᠯᠭᠠᠭᠤᠷᠢᠯᠠᠯ ᠪᠠ ᠠᠵᠢᠯᠯᠠᠭᠠᠨ ᠢ ᠪᠠᠲᠤᠯᠠᠬᠤ | ᠠᠵᠢᠯ ᠢ ᠡᠭᠦᠷᠭᠡᠯᠡᠨ᠎ᠡ᠃ 6. ᠪᠥᠬᠦ ᠣᠷᠣᠨ ᠤ ᠵᠢᠵᠢᠭ ᠬᠤᠲᠠ ᠪᠠᠯᠭᠠᠰᠤ᠂ ᠲᠡᠦᠬᠡ ᠰᠣᠶᠣᠯ ᠤᠨ ᠨᠠᠷᠠᠲᠤ ᠪᠠᠯᠭᠠᠰᠤ | ᠨᠠᠷᠠᠲᠤ ᠲᠣᠰᠬᠤᠨ᠂ ᠤᠯᠠᠮᠵᠢᠯᠠᠯᠲᠤ ᠲᠣᠰᠬᠤᠨ ᠢ ᠬᠠᠮᠠᠭᠠᠯᠠᠬᠤ ᠮᠡᠷᠭᠡᠵᠢᠯ ᠤᠨ ᠲᠤᠯᠭᠠᠭᠤᠷᠢᠯᠠᠯ ᠪᠠ ᠲᠥᠷᠥ ᠶᠢᠨ | ᠪᠣᠳᠣᠯᠭ᠎ᠠ ᠶᠢᠨ ᠰᠤᠳᠤᠯᠭᠠᠨ ᠤ ᠰᠠᠭᠤᠷᠢ ᠠᠵᠢᠯ ᠢ ᠡᠭᠦᠷᠭᠡᠯᠡᠨ᠎ᠡ᠃ 7. ᠪᠥᠬᠦ ᠣᠷᠣᠨ ᠤ ᠲᠠᠷᠢᠶᠠᠯᠠᠬᠤ ᠣᠷᠣᠨ ᠤ | ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠪᠠ ᠬᠡᠷ ᠪᠠᠶᠢᠰᠢᠩ ᠤᠨ ᠠᠮᠤᠷ ᠲᠦᠪᠰᠢᠨ ᠤ ᠴᠢᠨᠠᠷ ᠢ ᠦᠨᠡᠯᠡᠨ | ᠵᠢᠱᠢᠬᠦ᠂ ᠬᠢᠨᠠᠨ ᠲᠣᠭᠲᠠᠭᠠᠬᠤ᠂ ᠥᠭᠡᠷᠡᠴᠢᠯᠡᠨ ᠰᠠᠶᠢᠵᠢᠷᠠᠭᠤᠯᠬᠤ᠂ ᠲᠥᠷᠥ ᠶᠢᠨ ᠪᠣᠳᠣᠯᠭ᠎ᠠ ᠶᠢᠨ ᠰᠤᠳᠤᠯᠤᠯ ᠵᠡᠷᠭᠡ | ᠲᠠᠯ᠎ᠠ ᠶᠢᠨ ᠮᠡᠷᠭᠡᠵᠢᠯ ᠤᠨ ᠲᠤᠯᠭᠠᠭᠤᠷᠢᠯᠠᠯ ᠪᠠ ᠠᠵᠢᠯᠯᠠᠭᠠᠨ ᠤ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ᠃ 8. | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ | ᠬᠠᠷᠢᠭᠤᠴᠠᠵᠤ ᠪᠠᠶᠢᠭ᠎ᠠ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠬᠤ ᠪᠠ ᠪᠦᠲᠦᠭᠡᠨ ᠪᠠᠶᠢᠭᠤᠯᠬᠤ ᠪᠥᠬᠦ | ᠶᠠᠪᠤᠴᠠ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠤᠰᠠᠯᠠᠬᠤ ᠠᠵᠢᠯ ᠢ ᠡᠭᠦᠷᠭᠡᠯᠡᠨ᠎ᠡ᠃ 9 ᠵᠠᠰᠠᠮᠠᠯ ᠵᠠᠮ ᠵᠢᠴᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠠᠭᠠᠯᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠲᠤᠰᠠᠯᠠᠬᠤ | ᠠᠵᠢᠯ ᠢ ᠡᠭᠦᠷᠭᠡᠯᠡᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ᠂ ᠲᠣᠭᠤᠷᠢᠭ ᠤᠨ ᠬᠤᠯᠪᠣᠭᠳᠠᠯ | ᠪᠦᠬᠦᠢ ᠵᠠᠰᠠᠮᠠᠯ ᠵᠠᠮ ᠵᠢᠴᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠠᠭᠠᠯᠠᠯᠲᠠ ᠶᠢᠨ ᠠᠵᠢᠯ ᠤᠨ | ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ᠃ | 10. ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ | ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠠᠨ᠄ ᠯᠢ ᠵᠢᠶᠧ᠂ ᠬᠠᠷᠢᠯᠴᠠᠬᠤ ᠠᠷᠭ᠎ᠠ | ᠬᠡᠯᠪᠡᠷᠢ᠄ 0473-4020833︶ | ᠬᠠᠶ᠋ᠢᠭ᠄ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠪᠠᠶᠠᠨᠤᠰᠤ ᠪᠠᠷᠠᠭᠤᠨ ᠵᠡᠭᠡᠯᠢ ᠶᠢᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠠᠯᠪᠠᠨ ᠠᠰᠠᠷ | ᠰᠢᠦᠳᠠᠨ ᠨᠣᠮᠧᠷ᠄ 016030 | ᠬᠠᠷᠢᠯᠴᠠᠬᠤ ᠬᠡᠯᠪᠡᠷᠢ᠄ 0473-4021168 | ᠬᠠᠷᠢᠭᠤᠴᠠᠯᠭᠠᠲᠠᠨ ᠤ ᠣᠪᠣᠭ ᠨᠡᠷ᠎ᠡ ᠬᠤᠤ ᠶᠤᠸᠠᠨ ᠵᠦᠩ | ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠪᠣᠯᠲᠠᠯ᠎ᠠ᠂ ᠦᠳᠡ ᠶᠢᠨ ᠡᠮᠦᠨ᠎ᠡ 9᠄ | 00 - 12᠄ 00 ᠦᠳᠡ ᠶᠢᠨ ᠬᠤᠶᠢᠨ᠎ᠠ 14᠄ 30 - 17᠄ 30 |