ᠠᠯᠲᠠᠨ ᠨᠠᠮᠤᠷ ᠤᠨ ᠤᠯᠠᠷᠢᠯ ᠳᠤ᠂ ᠭᠤᠸ᠎ᠠ ᠵᠢᠮᠢᠰ ᠠᠩᠬᠢᠯᠤᠮ᠎ᠠ ᠦᠨᠦᠷ ᠬᠠᠩᠬᠤᠯᠵᠤ᠂ ᠬᠠᠶᠢᠨᠠᠨ | ᠲᠣᠭᠤᠷᠢᠭ ᠤᠨ ᠪᠠᠶᠠᠨᠲᠣᠬᠤᠶ ᠪᠠᠯᠭᠠᠰᠤᠨ ᠤ ᠬᠡᠭᠡᠷ᠎ᠡ ᠲᠠᠯ᠎ᠠ ᠳᠤ ᠪᠠᠶᠠᠷ ᠬᠥᠷ ᠲᠠᠢ ᠪᠠᠶᠢᠯ᠎ᠠ᠃ ᠠᠯᠲᠠᠨ ᠰᠢᠷᠭᠠᠯ | ᠡᠷᠳᠡᠨᠢ ᠰᠢᠰᠢ ᠶᠢᠨ ᠲᠠᠷᠢᠶᠠᠨ ᠠᠴᠠ ᠱᠦᠸᠧ ᠭᠦᠸᠧ ᠡᠯᠪᠡᠭ ᠳᠡᠯᠪᠡᠭ ᠦᠵᠦᠮ ᠤᠨ ᠬᠦᠷᠢᠶᠡᠯᠡᠩ ᠬᠦᠷᠲᠡᠯ᠎ᠡ᠂ | ᠳᠠᠬᠢᠨ ᠬᠤᠵᠢᠷᠯᠢᠭ ᠲᠠᠷᠢᠶᠠᠨ ᠳᠤ ᠦᠰᠦᠷᠴᠦ ᠪᠠᠶᠢᠭᠰᠠᠨ ᠡᠮᠦᠨᠡᠲᠦ ᠠᠮᠧᠷᠢᠺᠠ ᠶᠢᠨ ᠴᠠᠭᠠᠨ ᠬᠤᠣᠰ ᠰᠠᠮ | ᠬᠤᠷᠣᠬᠠᠶ ᠳᠤ᠂ ᠦᠵᠡᠰᠬᠦᠯᠡᠩᠲᠦ ᠰᠠᠶᠢᠬᠠᠨ ᠡᠯᠪᠡᠭ ᠬᠤᠷᠢᠶᠠᠯᠲᠠ ᠶᠢᠨ ᠵᠢᠷᠤᠭ ᠶᠠᠭ ᠪᠠᠶᠠᠨᠲᠤᠬᠤᠢ ᠪᠠᠯᠭᠠᠰᠤᠨ ᠳᠤ | ᠠᠭᠠᠵᠢᠮ ᠢᠶᠠᠷ ᠳᠡᠯᠭᠡᠭᠳᠡᠵᠦ ᠪᠠᠶᠢᠨ᠎ᠠ᠃ | ᠣᠶᠢᠷ᠎ᠠ ᠳᠤ᠂ ᠰᠤᠷᠪᠤᠯᠵᠢᠯᠠᠭᠴᠢ ᠪᠠᠶᠠᠨᠲᠣᠬᠤᠶ ᠪᠠᠯᠭᠠᠰᠤᠨ ᠤ ᠳ᠋ᠦ᠋ ᠺᠧᠦ ᠲᠣᠰᠬᠤᠨ ᠤ ᠵᠣᠣ ᠶᠦᠨ ᠤ | ᠬᠡᠷ ᠤᠨ ᠡᠷᠳᠡᠨᠢ ᠰᠢᠰᠢ ᠶᠢᠨ ᠲᠠᠷᠢᠶᠠᠨ ᠳᠤ ᠣᠷᠣᠬᠤ ᠳᠤ᠂ ᠵᠠᠯᠭᠠᠯᠳᠤᠭᠰᠠᠨ ᠡᠷᠳᠡᠨᠢ ᠰᠢᠰᠢ ᠶᠢᠨ ᠤᠷᠭᠤᠴᠠ ᠨᠢ | ᠬᠥᠮᠦᠨ ᠢ ᠪᠠᠶᠠᠷᠯᠠᠭᠤᠯᠤᠮ᠎ᠠ ᠪᠠᠶᠢᠵᠤ᠂ ᠲᠣᠮᠣ ᠬᠡᠯᠪᠡᠷᠢ ᠶᠢᠨ ᠡᠷᠳᠡᠨᠢ ᠰᠢᠰᠢ ᠬᠤᠷᠢᠶᠠᠬᠤ ᠮᠠᠰᠢᠨ ᠪᠠ | ᠲᠡᠭᠡᠭᠡᠪᠦᠷᠢ ᠶᠢᠨ ᠲᠡᠷᠭᠡ ᠶᠠᠭ ᠪᠥᠬᠦ ᠬᠦᠴᠦᠨ ᠢᠶᠠᠷ ᠢᠶᠠᠨ ᠲᠠᠷᠢᠶᠠᠨ ᠭᠠᠵᠠᠷ ᠲᠤ ᠨᠠᠭᠠᠰᠢ ᠴᠠᠭᠠᠰᠢ ᠰᠦᠯᠵᠢᠯᠳᠦᠵᠦ᠂ | ᠬᠠᠳᠤᠵᠤ ᠬᠤᠷᠢᠶᠠᠬᠤ᠂ ᠲᠦᠷᠦᠭᠦᠦ ᠶᠢ ᠨᠢ ᠲᠡᠭᠦᠬᠦ᠂ ᠬᠠᠯᠢᠰᠤ ᠶᠢ ᠨᠢ ᠱᠠᠭᠠᠯᠬᠤ ᠵᠡᠷᠭᠡ ᠶᠠᠪᠤᠴᠠ ᠶᠢ ᠨᠢᠭᠡ ᠯᠡ | ᠠᠮᠢᠰᠬᠤᠭ᠎ᠠ ᠪᠠᠷ ᠪᠦᠲᠦᠭᠡᠵᠦ᠂ ᠥᠩᠭᠡ ᠪᠤᠳᠤᠭ ᠨᠢ ᠠᠯᠲᠠᠨ ᠰᠢᠷᠭᠠᠯ ᠡᠷᠳᠡᠨᠢ ᠰᠢᠰᠢ ᠶᠢ ᠴᠢᠳᠬᠤᠨ ᠵᠥᠭᠡᠭᠡᠵᠦ | ᠪᠠᠶᠢᠨ᠎ᠠ᠃ ᠬᠠᠳᠤᠵᠤ ᠬᠤᠷᠢᠶᠠᠬᠤ ᠮᠠᠰᠢᠨ ᠪᠣᠯᠤᠨ ᠲᠡᠭᠡᠭᠡᠪᠦᠷᠢ ᠶᠢᠨ ᠲᠡᠷᠭᠡ ᠰᠦᠯᠵᠢᠯᠳᠦᠵᠦ᠂ ᠲᠠᠷᠢᠮᠠᠯ ᠤᠨ ᠡᠷᠦᠬᠡ | ᠵᠤᠤ ᠶᠦᠨ ᠪᠣᠯᠤᠨ ᠭᠡᠷ ᠤᠨ ᠬᠥᠮᠦᠰ ᠮᠠᠰᠢᠨ ᠬᠠᠳᠤᠵᠤ ᠬᠤᠷᠢᠶᠠᠭᠰᠠᠨ ᠤ ᠳᠠᠷᠠᠭᠠᠬᠢ ᠲᠠᠷᠢᠶᠠᠨ ᠳᠠᠭᠠᠨ ︽ᠬᠤᠷᠢᠶᠠᠵᠤ︾ | ᠪᠠᠶᠢᠭ᠎ᠠ ᠡᠷᠳᠡᠨᠢ ᠰᠢᠰᠢ ᠶᠢ ᠨᠠᠷᠢᠨ ᠨᠢᠮᠪᠠᠶ ᠡᠷᠢᠵᠦ ᠪᠠᠶᠢᠪᠠ᠃ | ︽ᠪᠢ 80 ᠮᠦ ᠡᠷᠳᠡᠨᠢ ᠰᠢᠰᠢ ᠲᠠᠷᠢᠪᠠ᠂ ᠵᠢᠱᠢᠯᠲᠡ ᠪᠠᠷ ᠡᠨᠡ ᠵᠢᠯ ᠤᠨ ᠮᠦ ᠪᠦᠷᠢ ᠶᠢᠨ ᠤᠨᠠᠯᠲᠠ 800 | ᠺᠢᠯᠣᠭ᠍ᠷᠠᠮ᠂ ᠬᠤᠷᠢᠶᠠᠯᠲᠠ ᠪᠠᠰᠠ ᠮᠠᠰᠢ ᠰᠠᠶᠢᠨ᠂ ᠶᠡᠷᠦᠩᠬᠡᠶ ᠣᠷᠣᠯᠭ᠎ᠠ 13 ᠲᠦᠮᠡᠨ ᠲᠥᠭᠦᠷᠢᠭ ᠣᠷᠴᠢᠮ ᠪᠠᠶᠢᠵᠤ᠂ | ᠪᠠᠰᠠ ᠨᠢᠭᠡᠨ ᠡᠯᠪᠡᠭ ᠬᠤᠷᠢᠶᠠᠯᠲᠠ ᠶᠢᠨ ᠵᠢᠯ ᠪᠣᠯᠤᠨ᠎ᠠ︾ ᠭᠡᠵᠡᠶ᠃ ᠡᠷᠳᠡᠨᠢ ᠰᠢᠰᠢ ᠲᠡᠭᠡᠭᠡᠵᠦ ᠪᠠᠶᠢᠭ᠎ᠠ | ᠲᠡᠭᠡᠭᠡᠪᠦᠷᠢ ᠶᠢᠨ ᠲᠡᠷᠭᠡ ᠵᠤᠤ ᠶᠦᠩ ᠢ ᠬᠠᠷᠠᠨ ᠢᠨᠢᠶᠡᠵᠦ ᠪᠠᠶᠢᠯ᠎ᠠ᠃ | ᠡᠷᠳᠡᠨᠢ ᠰᠢᠰᠢ ᠶᠢ ᠤᠷᠤᠭᠰᠢᠲᠠᠢ ᠬᠤᠷᠢᠶᠠᠬᠤ ᠶᠢ ᠪᠠᠲᠤᠯᠠᠬᠤ ᠶᠢᠨ ᠲᠥᠯᠥᠭᠡ᠂ ᠳ᠋ᠦ᠋ ᠺᠧᠦ ᠲᠣᠰᠬᠤᠨ | ᠤᠷᠢᠳᠴᠢᠯᠠᠨ ᠲᠥᠯᠥᠪᠵᠢᠭᠦᠯᠵᠦ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠲᠠᠷᠢᠬᠤ᠂ ᠪᠤᠷᠳᠤᠭᠤᠷ | ᠣᠷᠣᠭᠤᠯᠬᠤ ᠠᠴᠠ ᠲᠠᠷᠢᠶᠠᠨ ᠭᠠᠵᠠᠷ ᠤᠨ ᠬᠠᠮᠢᠶᠠᠷᠤᠯᠲᠠ ᠬᠦᠷᠲᠡᠯ᠎ᠡ᠂ ᠭᠤᠭᠴᠤᠭ᠎ᠠ ᠨᠢᠭᠡᠪᠦᠷᠢ ᠳᠤ ᠴᠥᠮ | ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠢ᠃ ᠡᠭᠦᠨ ᠤ ᠬᠠᠮᠲᠤ᠂ ᠬᠠᠳᠤᠵᠤ ᠬᠤᠷᠢᠶᠠᠬᠤ ᠶᠠᠰᠤ ᠴᠢᠨᠠᠷ᠂ ᠠᠮᠤᠷ | ᠲᠦᠪᠰᠢᠨ ᠢᠶᠠᠷ ᠠᠴᠢᠶᠠᠯᠠᠵᠤ ᠲᠡᠭᠡᠭᠡᠪᠦᠷᠢᠯᠡᠬᠦ ᠵᠡᠷᠭᠡ ᠭᠤᠭᠴᠤᠭ᠎ᠠ ᠶᠢ ᠮᠥᠷᠳᠡᠨ ᠦᠢᠯᠡᠴᠢᠯᠡᠵᠦ᠂ ᠮᠠᠰᠢᠨ ᠬᠦᠴᠦᠨ᠂ | ᠬᠥᠮᠦᠨ ᠤ ᠬᠦᠴᠦᠨ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠪᠠᠶᠢᠭᠠᠳ ᠨᠠᠮᠤᠷ ᠤᠨ ᠬᠤᠷᠢᠶᠠᠯᠲᠠ ᠶᠢᠨ | ᠠᠵᠢᠯ ᠳᠤ ᠣᠷᠣᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠴᠣᠭᠴᠠᠯᠠᠨ᠎ᠠ᠃ | ᠡᠭᠦᠨ ᠤ ᠬᠠᠮᠲᠤ᠂ ᠪᠠᠶᠠᠨᠲᠣᠬᠤᠶ ᠪᠠᠯᠭᠠᠰᠤᠨ ᠤ ᠢ ᠺᠧ ᠱᠤ᠋ ᠲᠣᠰᠬᠤᠨ ᠤ ᠲᠡᠵᠢᠭᠡᠨ ᠦᠷᠡᠵᠢᠭᠦᠯᠬᠦ | ᠭᠠᠵᠠᠷ ᠤᠨ ᠬᠠᠵᠠᠭᠤ ᠳᠤ᠂ ︽ᠪᠠ ᠶᠤᠸᠠᠢ ᠨᠠᠢᠮᠠ︾ ᠡᠮᠦᠨᠡᠲᠦ ᠠᠮᠧᠷᠢᠺᠠ ᠶᠢᠨ ᠴᠠᠭᠠᠨ ᠰᠠᠮ ᠬᠤᠷᠣᠬᠠᠶ ᠴᠤ ᠡᠯᠪᠡᠭ | ᠬᠤᠷᠢᠶᠠᠯᠲᠠ ᠶᠢᠨ ᠰᠠᠶᠢᠨ ᠳᠠᠭᠤᠨ ᠢ ᠳᠠᠮᠵᠢᠭᠤᠯᠵᠠᠶ᠃ ︽ᠡᠨᠡ ᠵᠢᠯ᠂ ᠮᠠᠨ ᠤ ᠰᠠᠭᠤᠷᠢᠨ ᠭᠠᠵᠠᠷ 1600 ᠮᠥ | ᠰᠤᠯᠠ ᠪᠠᠶᠢᠬᠤ ᠬᠤᠵᠢᠷᠯᠢᠭ ᠭᠠᠵᠠᠷ ᠢ ᠠᠰᠢᠭᠯᠠᠨ᠂ 200 ᠲᠦᠮᠡᠨ ᠰᠠᠮ ᠤᠨ ᠴᠢᠬᠢ ᠶᠢ ᠠᠮᠵᠢᠯᠲᠠ ᠲᠠᠢ ᠲᠠᠯᠪᠢᠵᠤ᠂ | ᠵᠢᠱᠢᠯᠲᠡ ᠪᠠᠷ ᠭᠠᠷᠤᠯᠲᠠ ᠨᠢ 3 ᠲᠦᠮᠡ ᠭᠠᠷᠤᠶ ᠵᠢᠩ ᠪᠠᠶᠢᠨ᠎ᠠ︾᠃ ᠬᠠᠷᠢᠭᠤᠴᠠᠯᠭᠠᠲᠠᠨ ᠦ᠋ ᠯᠢ | ᠲᠠᠨᠢᠯᠴᠠᠭᠤᠯᠬᠤ ᠳᠠᠭᠠᠨ᠂ ᠬᠤᠵᠢᠷᠯᠢᠭ ᠭᠠᠵᠠᠷ ᠲᠤ ︽ᠳᠠᠯᠠᠢ ᠶᠢᠨ ᠢᠳᠡᠭᠡᠨ︾ ᠲᠡᠵᠢᠭᠡᠵᠦ᠂ ᠤᠰᠤᠨ ᠤ pH | ᠬᠦᠴᠢᠯ ᠤᠨ ᠬᠤᠵᠢᠷ ᠤᠨ ᠬᠡᠮᠵᠢᠶ᠎ᠡ᠂ ᠰᠢᠪᠲᠦᠷᠲᠦ ᠠᠽᠣᠲ ᠵᠡᠷᠭᠡ ᠭᠦᠢᠴᠡᠳᠬᠡᠬᠦ ᠲᠤᠭ᠎ᠠ ᠪᠣᠯ ᠲᠡᠵᠢᠭᠡᠨ | ᠦᠷᠡᠵᠢᠭᠦᠯᠬᠦ ᠮᠡᠷᠭᠡᠵᠢᠯ ᠤᠨ ᠵᠠᠩᠭᠢᠯᠠᠭ᠎ᠠ ᠶᠢᠨ ᠴᠡᠭ ᠪᠠ ᠬᠦᠴᠢᠷᠳᠡᠯ ᠮᠥᠨ᠂ ᠡᠭᠦᠨ ᠤ ᠲᠥᠯᠥᠭᠡ ᠲᠣᠰ ᠺᠣᠮᠫᠠᠨᠢ | ᠣᠶᠤᠨᠴᠢ ᠲᠡᠵᠢᠭᠡᠨ ᠦᠷᠡᠵᠢᠭᠦᠯᠬᠦ ᠬᠢᠨᠠᠨ ᠡᠵᠡᠮᠳᠡᠬᠦ ᠲᠠᠪᠴᠠᠩ ᠢ ᠣᠷᠣᠭᠤᠯᠤᠨ ᠠᠪᠴᠢᠷᠠᠵᠤ᠂ ᠴᠠᠭ ᠲᠤᠬᠠᠶ ᠳᠤᠨᠢ | ᠬᠢᠨᠠᠨ ᠬᠡᠮᠵᠢᠵᠦ ᠵᠠᠩᠭᠢᠯᠠᠭ᠎ᠠ ᠶᠢᠨ ᠲᠤᠭ᠎ᠠ ᠪᠠᠷᠢᠮᠲᠠ ᠶᠢ ᠣᠯᠵᠤ᠂ ᠰᠠᠮ ᠬᠤᠷᠣᠬᠠᠶ ᠶᠢᠨ ᠴᠢᠬᠢ ᠶᠢᠨ ᠡᠷᠡᠭᠦᠯ ᠢᠶᠠᠷ | ᠦᠰᠦᠨ ᠪᠤᠶᠢᠵᠢᠬᠤ ᠶᠢ ᠦᠨᠡᠨ ᠬᠦ ᠪᠠᠲᠤᠯᠠᠪᠠ᠃ | ᠡᠳᠦᠭᠡ᠂ ᠡᠮᠦᠨᠡᠲᠦ ᠠᠮᠧᠷᠢᠺᠠ ᠶᠢᠨ ᠴᠠᠭᠠᠨ ᠰᠠᠮ ᠬᠤᠷᠣᠬᠠᠶ ᠶᠢ ᠨᠢᠭᠡᠨᠲᠡ ᠵᠠᠬ᠎ᠠ ᠳᠡᠯᠭᠡᠭᠦᠷ ᠲᠤ ᠭᠠᠷᠭᠠᠨ | ᠪᠣᠷᠣᠯᠠᠭᠤᠯᠵᠤ᠂ ᠬᠤᠲᠠ ᠶᠢᠨ ᠠᠷᠠᠳ ᠤᠨ ᠢᠳᠡᠰᠢᠨ ᠨᠣᠭᠤᠭ᠎ᠠ ᠶᠢ ᠪᠠᠶᠠᠯᠢᠭᠵᠢᠭᠤᠯᠤᠭᠰᠠᠨ ᠢᠶᠠᠷ ᠪᠠᠷᠠᠬᠤ ᠥᠬᠡᠶ᠂ | ᠪᠠᠰᠠ ᠠᠲᠠᠷᠰᠢᠭᠰᠠᠨ ᠬᠤᠵᠢᠷᠯᠢᠭ ᠭᠠᠵᠠᠷ ᠢ ᠳᠠᠬᠢᠨ ᠠᠮᠢᠯᠠᠭᠤᠯᠵᠤ᠂ ᠬᠠᠮᠲᠤ ᠶᠢᠨ ᠠᠵᠤ ᠠᠬᠤᠶ ᠶᠢ | ᠪᠤᠵᠠᠭᠠᠶᠢᠷᠠᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠭᠰᠡᠨ ᠪᠠᠶᠢᠨ᠎ᠠ᠃ | ᠡᠮᠦᠨᠡᠲᠦ ᠠᠮᠧᠷᠢᠺᠠ ᠶᠢᠨ ᠴᠠᠭᠠᠨ ᠬᠤᠣᠰ ᠰᠠᠮ ᠬᠤᠷᠣᠬᠠᠨ ᠠᠴᠠ ᠭᠠᠳᠠᠨ᠎ᠠ᠂ ᠪᠠᠶᠠᠨᠲᠤᠬᠤᠢ ᠪᠠᠯᠭᠠᠰᠤᠨ ᠤ | ᠭᠠᠭᠴᠠᠮᠣᠳᠣ ᠲᠣᠰᠭᠤᠨ ᠤ ᠦᠵᠦᠮ ᠴᠦ ᠡᠯᠪᠡᠭ ᠬᠤᠷᠢᠶᠠᠯᠲᠠ ᠣᠯᠵᠠᠢ᠃ ᠨᠢᠭᠡ ᠰᠠᠭᠤᠷᠢ ᠮᠣᠳᠣ ᠲᠣᠰᠬᠤᠨ ᠤ | ᠲᠠᠷᠢᠮᠠᠯ ᠤᠨ ᠡᠷᠦᠬᠡ ᠸᠠᠩ ᠱᠢ ᠱᠧᠩ ᠤᠨ ᠦᠵᠦᠮ ᠤᠨ ᠬᠦᠷᠢᠶᠡᠯᠡᠩ ᠳᠤ ᠣᠷᠣᠬᠤ ᠳᠤ᠂ 25 ᠮᠦ ᠵᠠᠳᠠᠭᠠᠶ | ᠦᠵᠦᠮ ᠰᠠᠯᠠᠭ᠎ᠠ ᠨᠠᠮᠠᠭ᠎ᠠ ᠪᠠᠷ ᠳᠦᠭᠦᠷᠴᠦ᠂ ᠭᠢᠯᠠᠭᠠᠷ ᠰᠠᠶᠢᠬᠠᠨ ᠵᠢᠮᠢᠰ ᠤᠨ ᠦᠨᠦᠷ ᠰᠡᠩᠭᠢᠨᠡᠵᠦ᠂ ᠸᠠᠩ ᠱᠢ ᠱᠧᠩ | ᠭᠡᠷ ᠤᠨ ᠬᠥᠮᠦᠰ ᠢᠶᠠᠷ ᠢᠶᠠᠨ ᠲᠡᠭᠦᠬᠦ᠂ ᠢᠯᠭᠠᠬᠤ᠂ ᠪᠣᠭᠤᠳᠠᠯᠯᠠᠵᠤ᠂ ᠡᠨᠡ ᠬᠦ ᠰᠢᠬᠢᠷ ᠢ ᠪᠦᠬᠦ ᠤᠯᠤᠰ ᠤᠨ ᠡᠯ᠎ᠡ | ᠭᠠᠵᠠᠷ ᠲᠤ ᠬᠦᠷᠭᠡᠬᠦ ᠪᠠᠷ ᠪᠡᠯᠡᠳᠬᠡᠪᠡ᠃ | ︽ᠡᠨᠡ ᠵᠢᠯ ᠮᠠᠨ ᠤ ᠭᠡᠷ ᠤᠨ ᠬᠢᠨ ᠬᠤᠩ ᠲᠢ᠂ ᠵᠢᠤᠢ ᠹᠧᠩ᠂ ᠬᠤᠩ ᠮᠧᠢ ᠬᠦᠢ ᠵᠡᠷᠭᠡ 6 ᠲᠦᠷᠦᠯ | ᠵᠦᠢᠯ ᠲᠠᠷᠢᠵᠦ᠂ ᠪᠦᠷ ᠲᠠᠷᠢᠶᠠᠴᠢᠨ ᠠᠶᠢᠯ ᠤᠨ ᠪᠤᠷᠳᠤᠭᠤᠷ ᠬᠡᠷᠡᠭᠯᠡᠵᠦ᠂ ᠢᠳᠡᠬᠦ ᠳᠤ ᠠᠮᠲᠠᠲᠠᠢ᠂ | ᠬᠡᠷᠡᠭᠯᠡᠭᠴᠢᠳ ᠤᠨ ᠪᠠᠭ᠋ᠠᠷᠬᠠᠯ ᠢ ᠶᠡᠬᠡᠳᠡ ᠲᠠᠲᠠᠪᠠ᠃ ᠵᠠᠯᠭᠠᠭᠠᠳ᠂ ᠪᠢᠳᠡ ᠵᠠᠬ᠎ᠠ ᠳᠡᠯᠭᠡᠭᠦᠷ ᠤᠨ ᠬᠡᠷᠡᠭᠴᠡᠭᠡ | ᠱᠠᠭᠠᠷᠳᠠᠯᠭ᠎ᠠ ᠶᠢ ᠦᠨᠳᠦᠰᠦᠯᠡᠨ ᠲᠠᠷᠢᠮᠠᠯ ᠤᠨ ᠲᠥᠷᠥᠯ ᠵᠦᠢᠯ ᠢ ᠰᠢᠨᠡᠳᠬᠡᠵᠦ᠂ ᠨᠠᠩ ᠣᠯᠠᠨ ᠵᠣᠴᠢᠳ ᠢ ᠮᠠᠨ ᠤ | ᠪᠤᠴᠠᠵᠤ ᠢᠷᠡᠭᠰᠡᠨ ᠵᠣᠴᠢᠨ ᠪᠣᠯᠭᠠᠨ᠎ᠠ᠃ ᠸᠠᠩ ᠱᠢ ᠱᠧᠩ ᠬᠡᠯᠡᠬᠦ ᠳᠤ ᠪᠠᠨ᠃ | ᠤᠢᠢᠷ᠎ᠠ ᠶᠢᠨ ᠵᠢᠯ ᠠᠴᠠ᠂ ᠢ ᠺᠧ ᠱᠤ᠋ ᠲᠣᠰᠬᠤᠨ ᠤᠨᠴᠠᠯᠢᠬᠳᠤ ᠲᠠᠷᠢᠶᠠᠯᠠᠩ ᠤᠨ ᠠᠵᠤ ᠦᠢᠯᠡᠰ ᠢ ᠶᠡᠬᠡᠪᠡᠷ | ᠬᠥᠭᠵᠢᠭᠦᠯᠵᠦ᠂ ᠰᠢᠨ᠎ᠡ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠰᠢᠨ᠎ᠡ ᠰᠣᠷᠭᠤᠭ ᠪᠠᠶᠢᠯᠭᠠᠬᠤ | ᠬᠥᠮᠥᠷᠭᠡ ᠶᠢ ᠪᠠᠶᠢᠭᠤᠯᠵᠤ᠂ ᠦᠵᠦᠮ ᠤᠨ ᠤᠯᠠᠷᠢᠯ ᠠᠯᠤᠰᠯᠠᠨ ᠪᠣᠷᠣᠯᠠᠭᠤᠯᠬᠤ ᠶᠢ ᠪᠡᠶᠡᠯᠡᠭᠦᠯᠵᠦ᠂ ᠲᠠᠷᠢᠮᠠᠯ ᠤᠨ | ᠡᠷᠦᠬᠡ ᠶᠢᠨ ᠣᠷᠣᠯᠭ᠎ᠠ ᠶᠢ ᠶᠡᠬᠡᠪᠡᠷ ᠳᠡᠭᠡᠭᠰᠢᠯᠡᠭᠦᠯᠪᠡ᠃ ᠨᠢᠭᠡ ᠰᠠᠭᠤᠷᠢ ᠮᠣᠳᠣ ᠲᠣᠰᠬᠤᠨ ᠤ ᠨᠢᠭᠡᠳᠦᠭᠡᠷ ᠱᠦᠵᠢ | ᠰᠦᠩ ᠮᠢᠨ᠄ ︽ᠮᠠᠨ ᠤ ᠵᠢᠮᠢᠰ ᠲᠡᠭᠦᠬᠦ ᠬᠦᠷᠢᠶᠡᠯᠡᠩ ᠨᠢ ᠦᠵᠦᠮ ᠠᠴᠠ ᠭᠠᠳᠠᠨ᠎ᠠ ᠪᠠᠰᠠ ᠲᠣᠰᠣᠨ ᠲᠤᠭᠤᠷ᠂ | ᠭᠦᠢᠯᠡᠰᠦ᠂ ᠠᠯᠮᠤᠷᠠᠳ᠂ ᠢᠩᠲᠣᠣᠷ ᠵᠡᠷᠭᠡ ᠨᠢ ᠵᠢᠭᠤᠯᠴᠢᠯᠠᠭᠴᠢᠳ ᠲᠤ ᠠᠳᠠᠯᠢ ᠪᠤᠰᠤ ᠤᠯᠠᠷᠢᠯ ᠳᠤ ᠲᠣᠭᠤᠷᠢᠨ | ᠦᠵᠡᠵᠦ ᠲᠡᠭᠦᠵᠦ ᠥᠭᠭᠦᠨ᠎ᠡ︾ ᠭᠡᠵᠦ ᠬᠡᠯᠡᠪᠡ᠃ | ᠡᠨᠡ ᠵᠢᠯ᠂ ᠬᠠᠶᠢᠨᠠᠨ ᠲᠣᠭᠤᠷᠢᠭ ᠤᠨ ᠪᠠᠶᠠᠨᠲᠣᠬᠤᠶ ᠪᠠᠯᠭᠠᠰᠤᠨ ᠤ ᠠᠮᠤ ᠪᠤᠳᠠᠭᠠᠨ ᠤ ᠲᠠᠷᠢᠮᠠᠯ ᠳᠠᠷᠢᠬᠤ | ᠶᠡᠷᠦᠩᠬᠡᠶ ᠲᠠᠯᠠᠪᠠᠶ 54681 ᠮᠥ ᠪᠠᠶᠢᠵᠤ᠂ ᠪᠣᠭᠤᠳᠠᠶ ᠶᠢᠨ ᠲᠠᠷᠢᠮᠠᠯ ᠵᠢᠱᠢᠯᠲᠡ ᠪᠠᠷ ᠮᠥ ᠪᠦᠷᠢ ᠶᠢᠨ ᠤᠨᠠᠯᠲᠠ | 375 ᠺᠢᠯᠣᠭ᠍ᠷᠠᠮ ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 12.5 ᠺᠢᠯᠣᠭ᠍ᠷᠠᠮ ᠨᠡᠮᠡᠭᠳᠡᠨ᠂ | ᠡᠷᠳᠡᠨᠢ ᠰᠢᠰᠢ ᠶᠢᠨ ᠲᠠᠷᠢᠮᠠᠯ ᠵᠢᠱᠢᠯᠲᠡ ᠪᠠᠷ ᠮᠦ ᠪᠦᠷᠢ ᠶᠢᠨ ᠤᠨᠠᠯᠲᠠ 681.67 ᠺᠢᠯᠣᠭ᠍ᠷᠠᠮ ᠬᠦᠷᠴᠦ᠂ ᠳᠡᠭᠡᠷ᠎ᠡ | ᠵᠢᠯ ᠤᠨ ᠠᠳᠠᠯᠢ ᠬᠤᠭᠤᠴᠠᠭᠠᠨ ᠤ ᠬᠢ ᠠᠴᠠ 56.67 ᠺᠢᠯᠣᠭ᠍ᠷᠠᠮ ᠨᠡᠮᠡᠭᠳᠡᠬᠦ ᠪᠣᠯᠤᠨ᠎ᠠ᠃ ᠣᠳᠣᠬᠠᠨ ᠳᠤ ᠪᠤᠭᠤᠳᠠᠢ᠂ | ᠡᠷᠳᠡᠨᠢ ᠰᠢᠰᠢ᠂ ᠰᠢᠷ᠎ᠠ ᠪᠤᠷᠴᠠᠭ ᠵᠡᠷᠭᠡ ᠲᠠᠷᠢᠮᠠᠯ ᠵᠠᠯᠭᠠᠭ᠎ᠠ ᠪᠠᠷ ᠬᠠᠳᠤᠵᠤ ᠬᠤᠷᠢᠶᠠᠬᠤ ᠬᠤᠭᠤᠴᠠᠭᠠᠨ ᠳᠤ ᠣᠷᠣᠵᠤ᠂ | ᠪᠠᠶᠠᠨᠲᠤᠬᠤᠢ ᠪᠠᠯᠭᠠᠰᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠶᠠᠭ ᠴᠠᠭ ᠢ ᠠᠮᠵᠢᠨ ᠡᠯ᠎ᠡ ᠲᠦᠷᠦᠯ ᠤᠨ ᠬᠠᠳᠤᠵᠤ | ᠬᠤᠷᠢᠶᠠᠬᠤ ᠮᠠᠰᠢᠨ ᠢ ᠢᠳᠡᠪᠬᠢᠲᠡᠢ ᠵᠣᠬᠢᠴᠠᠭᠤᠯᠵᠤ᠂ ᠡᠯ᠎ᠡ ᠲᠦᠷᠦᠯ ᠤᠨ ᠲᠠᠷᠢᠮᠠᠯ ᠤᠨ ᠮᠦᠬᠦᠯᠢᠭ ᠢ ᠬᠥᠮᠥᠷᠭᠡ ᠳᠤ | ᠣᠷᠣᠭᠤᠯᠬᠤ ᠶᠢ ᠪᠠᠲᠤᠯᠠᠵᠤ ᠪᠠᠶᠢᠨ᠎ᠠ᠃ |