ᠪᠠᠢ ᠴᠦᠨ ᠯᠸᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/9/3
      8 ᠰᠠᠷ᠎ᠠ ᠶᠢᠨ 30 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠤᠳᠤᠷᠢᠳᠤᠯᠭ᠎ᠠ ᠯᠢᠦ ᠵᠢᠶᠠᠨ ᠫᠢᠩ ᠣᠷᠣᠯᠴᠠᠪᠠ᠃      ᠪᠠᠢ ᠴᠦᠨ ᠯᠸᠢ ᠤᠷᠢᠳ ᠬᠤᠵᠢᠳ ᠬᠠᠶᠢᠨᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠵᠡᠷᠭᠡ ᠭᠠᠵᠠᠷ ᠲᠤ ᠬᠦᠷᠴᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠪᠣᠯ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠬᠥᠭᠵᠢᠯᠲᠡ ᠪᠣᠯᠤᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ︽ᠵᠢᠷᠭᠤᠭᠠᠨ ᠢᠨᠵᠧᠨᠧᠷᠢᠩ︾ ᠤᠨ ᠨᠢᠭᠡ ᠪᠣᠯᠤᠨ᠎ᠠ᠃ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠱᠠᠲᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠᠷ ᠬᠠᠷᠠᠯᠲᠠ ᠪᠣᠯᠭᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠪᠦᠬᠦ ᠲᠠᠯ᠎ᠠ ᠪᠠᠷ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ︽ᠦᠨᠡᠨᠴᠢ ᠢᠲᠡᠭᠡᠮᠵᠢ ᠶᠢᠨ ᠰᠠᠭᠤᠷᠢ︾ ᠶᠢ ᠪᠠᠬᠢᠵᠢᠭᠦᠯᠬᠦ ᠬᠡᠷᠡᠭᠲᠡᠢ᠃ ᠲᠤᠭᠤᠷᠢᠭ ᠤᠨ ᠠᠷᠠᠳ ᠤᠨ ᠰᠢᠭᠦᠬᠦ ᠬᠤᠷᠢᠶ᠎ᠠ ᠬᠡᠷᠡᠭᠵᠢᠭᠦᠯᠬᠦ ᠲᠣᠭᠲᠠᠴᠠ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠬᠡᠷᠡᠭᠵᠢᠭᠦᠯᠬᠦ ᠠᠷᠭ᠎ᠠ ᠮᠠᠶ᠋ᠢᠭ ᠢᠶᠠᠨ ᠰᠢᠯᠢᠳᠡᠭᠵᠢᠭᠦᠯᠦᠨ᠂ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠡᠷᠴᠢᠮ ᠢᠶᠠᠨ ᠴᠢᠩᠭᠠᠷᠠᠭᠤᠯᠤᠨ᠂ ᠬᠠᠤᠯᠢ ᠴᠠᠭᠠᠵᠠ ᠶᠢ ᠢᠯᠡ ᠪᠣᠯᠭᠠᠬᠤ ᠶᠢ ᠴᠢᠩᠭᠠᠳᠬᠠᠵᠤ᠂ ᠦᠨᠡᠨᠴᠢ ᠢᠲᠡᠭᠡᠮᠵᠢᠲᠡᠶ ᠬᠠᠤᠯᠢ ᠶᠢ ᠰᠠᠬᠢᠬᠤ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠬᠤ ᠬᠡᠷᠡᠭᠲᠡᠶ᠃ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠷᠬᠡ ᠲᠡᠭᠰᠢ ᠦᠨᠡᠨᠴᠢ ᠢᠲᠡᠭᠡᠮᠵᠢᠲᠡᠶ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠡᠵᠡᠩᠨᠡᠯᠲᠡ ᠶᠢᠨ ᠭᠤᠤᠯ ᠴᠣᠭᠴᠠ ᠶᠢᠨ ᠬᠠᠤᠯᠢ ᠠᠴᠠ ᠵᠥᠷᠢᠴᠡᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠵᠠᠷᠯᠠᠨ ᠨᠡᠶᠢᠲᠡᠯᠡᠵᠦ᠂ ᠢᠲᠡᠭᠡᠮᠵᠢ ᠶᠢ ᠰᠡᠷᠭᠦᠭᠡᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠦᠨᠡᠨᠴᠢ ᠢᠲᠡᠭᠡᠮᠵᠢᠲᠡᠶ ᠪᠠᠷ ᠬᠠᠤᠯᠢ ᠶᠢ ᠰᠠᠬᠢᠬᠤ᠂ ᠲᠥᠪ ᠭᠤᠤᠯᠴᠢ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠶ᠃ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠠᠵᠢᠯ ᠶᠠᠪᠤᠳᠠᠯ ᠭᠦᠢᠴᠡᠳᠭᠡᠬᠦ ᠦᠷ᠎ᠡ ᠪᠦᠲᠦᠮᠵᠢ ᠪᠠ ᠦᠢᠯᠡᠴᠢᠯᠡᠭᠡᠨ ᠤ ᠶᠠᠰᠤ ᠴᠢᠨᠠᠷ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠲᠤᠭ᠎ᠠ ᠪᠠᠷᠢᠮᠲᠠ ᠪᠠᠷ ᠡᠨᠧᠷᠭᠢ ᠣᠯᠭᠤᠬᠤ ᠶᠢ ᠰᠠᠶᠢᠲᠤᠷ ᠬᠡᠷᠡᠭᠯᠡᠵᠦ᠂ ᠬᠢᠨᠠᠨ ᠵᠥᠪᠰᠢᠶᠡᠷᠡᠬᠦ ᠴᠠᠭ ᠢ ᠪᠣᠭᠤᠨᠢᠰᠬᠠᠬᠤ᠂ ᠬᠢᠨᠠᠨ ᠵᠥᠪᠰᠢᠶᠡᠷᠡᠬᠦ ᠵᠦᠢᠯᠡᠰ ᠢ ᠴᠣᠮᠬᠠᠳᠬᠠᠬᠤ᠂ ᠠᠵᠢᠯ ᠤᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠬᠦᠴᠦ ᠲᠠᠯᠪᠢᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠢ ᠠᠷᠠᠳ ᠲᠤ ᠲᠥᠬᠦᠮ᠂ ᠠᠷᠠᠳ ᠲᠦᠮᠡᠨ᠂ ᠥᠨᠳᠥᠷ ᠪᠦᠲᠦᠮᠵᠢᠲᠡᠶ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠪᠣᠯᠭᠠᠨ ᠪᠥᠲᠥᠭᠡᠨ ᠪᠠᠶᠢᠭᠤᠯᠬᠤ ᠬᠡᠷᠡᠭᠲᠡᠶ᠃ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠭᠠᠶᠢᠯᠢ ᠲᠤᠰᠢᠶᠠᠬᠤ ᠢᠲᠡᠭᠡᠮᠵᠢ ᠶᠢᠨ ᠦᠨᠡᠯᠡᠯᠲᠡ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠭᠦᠨᠵᠡᠭᠡᠶᠢᠷᠡᠭᠦᠯᠦᠨ᠂ ᠢᠲᠡᠭᠡᠮᠵᠢ ᠶᠢ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠵᠦ᠂ ᠦᠨᠡᠨᠴᠢ ᠢᠲᠡᠭᠡᠮᠵᠢ ᠶᠢ ᠡᠷᠬᠢᠮᠯᠡᠬᠦ᠂ ᠢᠲᠡᠭᠡᠮᠵᠢ ᠶᠢᠨ ᠭᠠᠶᠢᠯᠢ ᠲᠠᠲᠠᠪᠤᠷᠢ ᠶᠢᠨ ᠡᠮᠬᠢ ᠳᠢᠭᠯᠢᠮ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠬᠤᠳᠠᠯᠳᠤᠭ᠎ᠠ ᠡᠷᠭᠢᠯᠡᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ᠂ ᠠᠵᠤ ᠠᠬᠤᠶᠢᠯᠠᠯ ᠤᠨ ︽ᠢᠲᠡᠭᠡᠮᠵᠢ ᠶᠢ ᠨᠡᠮᠡᠭᠳᠡᠭᠦᠯᠦᠨ ᠳᠠᠷᠤᠭᠠᠰᠤ ᠶᠢ ᠬᠥᠩᠭᠡᠷᠡᠭᠦᠯᠬᠦ︾ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号