ᠢᠦᠶ ᡁᠢ ᠶᠦᠩ ᠠᠵᠤ ᠠᠬᠤᠶᠢᠯᠠᠯ ᠤᠨ ᠠᠵᠢᠯᠯᠠᠭᠠᠨ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/9/3
      9 ᠰᠠᠷ᠎ᠠ ᠶᠢᠨ 2 ᠤᠨ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠢᠦᠶ ᡁᠢ ᠶᠦᠩ ᠠᠵᠤ ᠠᠬᠤᠶᠢᠯᠠᠯ ᠤᠨ ᠠᠵᠢᠯᠯᠠᠭᠠᠨ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠯᠢᠦ ᠲᠢᠶᠠᠨ ᠴᠢᠩ ᠣᠷᠣᠯᠴᠠᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠢᠦᠶ ᡁᠢ ᠶᠦᠩ ᠥᠪᠥᠷ ᠮᠣᠩᠭᠤᠯ ᠤᠨ ᠱᠢ ᠬᠤᠸᠠᠨ ᠰᠢᠨ᠎ᠡ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠾᠧ ᠯᠢ ᠬᠢᠮᠢ ᠶᠢᠨ ᠰᠢᠷᠬᠡᠭᠯᠢᠭ ︵ᠪᠦᠯᠦᠭᠯᠡᠯ︶ ᠤᠨ ᠬᠢᠵᠠᠭᠠᠷᠲᠤ ᠺᠣᠮᠫᠠᠨᠢ᠂ ᠦᠬᠠᠶ ᠶᠢᠨ ᠶᠠ ᠳ᠋ᠦᠩ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠦᠬᠠᠶ ᠶᠢᠨ ᠾᠧᠢ ᠮᠤᠤ ᠨᠡᠭᠦᠷᠡᠰᠦᠨ ᠬᠠᠷ᠎ᠠ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠪᠣᠯ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠤ ᠡᠬᠢ ᠪᠤᠯᠠᠭ ᠮᠥᠨ᠂ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠬᠦ ᠴᠢᠬᠤᠯᠠ ᠬᠦᠴᠦᠨ ᠮᠥᠨ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠥᠭᠵᠢᠯᠲᠡ ᠶᠢᠨ ᠬᠡᠷᠡᠭᠴᠡᠭᠡ᠂ ᠠᠵᠤ ᠠᠬᠤᠶᠢᠯᠠᠯ ᠤᠨ ᠪᠠᠴᠢᠮ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠤᠬᠠᠮᠰᠠᠷ ᠪᠣᠯᠤᠨ ᠡᠯᠧᠮᠧᠨ᠋ᠲ ᠤᠨ ᠪᠠᠲᠤᠯᠠᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠨᠡᠩ ᠤᠯᠠᠨ ᠲᠦᠷᠦ ᠶᠢᠨ ᠪᠤᠳᠤᠯᠭ᠎ᠠ ᠶᠢᠨ ᠳᠡᠮᠵᠢᠯᠭᠡ ᠬᠠᠩᠭᠠᠬᠤ ᠪᠠᠷ ᠴᠢᠷᠮᠠᠶᠢᠵᠤ᠂ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠳᠤ ᠨᠡᠩ ᠰᠠᠶᠢᠨ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ᠃ ᠠᠵᠤ ᠠᠬᠤᠶᠢᠯᠠᠯ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠪᠠᠶᠢᠷᠢ ᠲᠣᠭᠲᠠᠭᠠᠯᠲᠠ ᠪᠠ ᠳᠠᠪᠠᠭᠤᠯᠢᠭ ᠢᠶᠠᠨ ᠣᠨᠣᠪᠴᠢᠲᠠᠶ ᠡᠷᠢᠵᠦ᠂ ᠳᠠᠯᠳᠠ ᠬᠦᠴᠦᠨ ᠢᠶᠠᠨ ᠭᠦᠨᠵᠡᠭᠡᠶ ᠠᠭᠤᠳᠠᠯᠵᠤ᠂ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢᠶᠠᠨ ᠨᠡᠮᠡᠭᠳᠡᠭᠦᠯᠵᠦ᠂ ᠠᠵᠤ ᠠᠬᠤᠶᠢᠯᠠᠯ ᠢᠶᠠᠨ ᠲᠠᠰᠤᠷᠠᠯᠲᠠ ᠥᠬᠡᠶ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠶ᠃ ᠠᠶᠤᠯᠭᠦᠢ ᠦᠢᠯᠡᠳᠪᠦᠷᠢᠯᠡᠯ ᠪᠣᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠣᠷ᠎ᠠ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠮᠠᠨ ᠤ ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠡᠢ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号