ᠪᠠᠢ ᠴᠦᠨ ᠯᠸᠢ ᠲᠠᠪᠤᠨ ᠶᠡᠭᠡ ᠡᠭᠦᠷᠭᠡ ᠶᠢᠨ ᠠᠵᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/9/3
      9 ᠰᠠᠷ᠎ᠠ ᠶᠢᠨ 2 ᠤᠨ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠲᠠᠪᠤᠨ ᠶᠡᠭᠡ ᠡᠭᠦᠷᠭᠡ ᠶᠢᠨ ᠠᠵᠢᠯ ᠢ ᠠᠬᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠤᠳᠤᠷᠢᠳᠤᠯᠭ᠎ᠠ ᠱᠢ ᠯᠢ ᠴᠢᠶᠠᠩ ᠣᠷᠣᠯᠴᠠᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠠᠶ ᠴᠦᠨ ᠯᠸᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠬᠡᠯᠪᠡᠷᠢ ᠪᠠᠷ ᠳᠠᠮᠵᠢᠭᠤᠯᠤᠨ᠂ ᠬᠠᠶᠢᠨᠠᠨ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠤᠲᠠ ᠶᠢᠨ ᠲᠣᠭᠤᠷᠢᠭ ᠤᠨ ᠨᠢᠭᠡᠳᠦᠭᠡᠷ ᠳᠡᠰ ᠤᠨ ᠬᠥᠭᠡᠷᠭᠡ ᠶᠢᠨ ᠥᠷᠲᠡᠭᠡ ᠶᠢᠨ ᠠᠵᠢᠯᠯᠠᠭᠠᠨ ᠤ ᠪᠠᠶᠢᠳᠠᠯ᠂ ᠬᠦᠬᠤᠰᠣ ᠨᠡᠭᠦᠷᠡᠰᠦᠨ ᠠᠭᠤᠷᠬᠠᠶ ᠶᠢᠨ ᠢᠵᠢ ᠪᠥᠷᠢᠳᠦᠭᠦᠯᠬᠦ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠬᠠᠶᠢᠨᠠᠨ ᠲᠣᠭᠤᠷᠢᠭ ᠤᠨ ᠵᠢᠷᠭᠤᠳᠤᠭᠠᠷ ᠲᠠᠪᠤᠨ ᠰᠠᠷ᠎ᠠ ᠶᠢᠨ ᠳᠥᠷᠪᠡᠨ ᠤ ᠳᠣᠤᠷ᠎ᠠ ᠨᠡᠭᠦᠷᠡᠰᠦᠲᠥ᠋ᠷᠥᠭᠴᠢᠲᠦ ᠨᠡᠭᠦᠷᠡᠰᠦ ᠶᠢ ᠤᠬᠢᠶᠠᠵᠤ ᠰᠣᠩᠭᠤᠬᠤ ᠶᠡᠷᠦᠩᠬᠡᠶᠢᠯᠡᠭᠰᠡᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ᠂ ᠬᠤᠸᠠ ᠽᠢ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠤᠨ ᠬᠦᠷᠢᠶᠡᠯᠡᠩ ᠢ ᠳᠥᠯᠭᠢᠨ ᠠᠬᠢᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠭᠤᠤᠯᠳᠠᠯᠭ᠎ᠠ ᠪᠠ ᠬᠦᠴᠢᠷ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠨᠠᠷᠢᠯᠢᠭ ᠣᠨᠣᠴᠠᠲᠠᠶ ᠪᠠᠷ ᠬᠦᠴᠦᠯᠡᠵᠦ᠂ ᠴᠠᠭ ᠢ ᠵᠠᠪᠳᠤᠨ᠂ ᠠᠬᠢᠴᠠ ᠶᠢ ᠠᠮᠵᠢᠨ᠂ ᠲᠥᠷᠥᠯ ᠵᠦᠢᠯ ᠢ ᠠᠳᠬᠤᠵᠤ᠂ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ ᠭᠡᠵᠡᠶ᠃ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠴᠢᠳᠠᠪᠤᠷᠢ ᠪᠠᠨ ᠲᠦᠷᠭᠡᠨ ᠳᠡᠭᠡᠭᠰᠢᠯᠡᠭᠦᠯᠵᠦ᠂ ᠪᠣᠬᠢᠷ ᠤᠰᠤᠨ ᠤ ᠬᠤᠭᠤᠯᠠᠢ ᠶᠢᠨ ᠲᠣᠣᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠣᠬᠢᠷ ᠤᠰᠤ ᠶᠢ ᠬᠤᠷᠢᠶᠠᠨ ᠴᠤᠭᠯᠠᠭᠤᠯᠬᠤ ᠨᠤᠷᠮ᠎ᠠ ᠪᠣᠯᠣᠨ ᠰᠢᠢᠳᠪᠦᠷᠢᠯᠡᠬᠦ ᠨᠤᠷᠮ᠎ᠠ ᠶᠢ ᠪᠦᠲᠦᠮᠵᠢᠲᠡᠢ ᠳᠡᠭᠡᠭᠰᠢᠯᠡᠭᠦᠯᠵᠦ᠂ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠦᠶ᠋ᠯᠡᠴᠢᠯᠡᠵᠦ᠂ ᠨᠡᠭᠦᠷᠡᠰᠦ ᠤᠬᠢᠶᠠᠵᠤ ᠰᠣᠩᠭᠤᠨ ᠪᠣᠯᠪᠠᠰᠤᠷᠠᠭᠤᠯᠬᠤ ᠠᠵᠢᠯ ᠲᠥᠷᠥᠯ ᠤᠨ ᠡᠭᠴᠡᠯᠡᠨ ᠨᠢᠭᠡ ᠴᠤᠭᠴᠠᠵᠢᠭᠤᠯᠤᠨ ᠡᠮᠬᠢᠯᠡᠨ ᠨᠡᠶᠢᠯᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠠᠮᠢᠶ᠎ᠠ ᠪᠥᠬᠦᠶ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠠᠵᠤ ᠦᠶ᠋ᠯᠡᠰ ᠤᠨ ᠪᠦᠲᠦᠴᠡ ᠶᠢ ᠲᠠᠰᠤᠷᠠᠯᠲᠠ ᠥᠬᠡᠶ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠨᠡᠭᠦᠷᠡᠰᠦᠨ ᠤ ᠠᠵᠢᠯ ᠲᠥᠷᠥᠯ ᠤᠨ ᠳᠡᠭᠡᠳᠦ ᠲᠠᠰ ᠤᠨ᠂ ᠤᠶᠤᠨᠴᠢᠯᠠᠭᠰᠠᠨ᠂ ᠪᠣᠬᠢᠷᠲᠤᠯ ᠥᠬᠡᠶ ᠬᠥᠭᠵᠢᠯᠲᠡ ᠳᠠᠰᠢ ᠬᠥᠭᠵᠢᠬᠦ ᠶᠢ ᠬᠦᠴᠦᠯᠡᠨ ᠠᠬᠢᠭᠤᠯᠬᠤ ᠬᠡᠷᠡᠭᠲᠡᠶ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号