ᠪᠠᠢ ᠴᠦᠨ ᠯᠸᠢ ︽ᠨᠠᠮ ᠳᠤ ᠤᠷᠤᠭᠰᠠᠨ ᠢᠷᠠᠭᠤ ᠠᠯᠳᠠᠷᠲᠠᠢ 50 ᠵᠢᠯ︾ ᠤᠨ ᠳᠤᠷᠠᠰᠬᠠᠯ ᠤᠨ ᠲᠡᠮᠳᠡᠭ ᠢ ᠬᠦᠷᠲᠡᠭᠰᠡᠨ ᠠᠬᠠᠮᠠᠳ ᠨᠠᠮ ᠤᠨ ᠭᠡᠰᠢᠭᠦᠨ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2024/9/30
      9 ᠰᠠᠷ᠎ᠠ ᠶᠢᠨ 29 ᠤ ᠡᠳᠦᠷ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢᠨ ᠲᠠᠰᠢᠷᠠᠮ ᠢᠶᠠᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠴᠦᠨ ᠯᠸᠢ ︽ᠨᠠᠮ ᠤᠨ ᠭᠡᠰᠢᠭᠦᠨ ᠪᠤᠯᠤᠭᠰᠠᠨ ᠢᠷᠠᠭᠤ ᠠᠯᠳᠠᠷ ᠲᠠᠢ 50 ᠵᠢᠯ︾ ᠤᠨ ᠳᠤᠷᠠᠰᠬᠠᠯ ᠤᠨ ᠲᠡᠮᠳᠡᠭ ᠢ ᠣᠯᠤᠭᠰᠠᠨ ᠠᠬᠠᠮᠠᠳ ᠨᠠᠮ ᠤᠨ ᠭᠡᠰᠢᠭᠦᠨ ᠢ ᠲᠣᠬᠤᠨᠢᠭᠤᠯᠵᠤ᠂ ᠨᠠᠮ ᠤᠨ ᠬᠠᠯᠠᠮᠵᠢᠯᠠᠯ ᠪᠠ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ᠃ ᠲᠣᠭᠤᠷᠢᠭ ᠤᠨ ᠤᠳᠤᠷᠢᠳᠤᠯᠭ᠎ᠠ ᠵᠠᠩ ᠽᠧ ᠢᠦᠢ ᠣᠷᠣᠯᠴᠠᠪᠠ᠃      ᠯᠢᠦ ᠬᠦᠢ ᠶᠢᠩ ᠤᠨ ᠭᠡᠷ ᠲᠤ᠂ ᠪᠠᠢ ᠴᠦᠨ ᠯᠸᠢ ᠨᠠᠰᠤᠲᠠᠨ ᠤ ᠪᠡᠶ᠎ᠡ ᠮᠠᠬᠠᠪᠣᠳ ᠤᠨ ᠪᠠᠶᠢᠳᠠᠯ ᠪᠣᠯᠤᠨ ᠭᠡᠷ ᠪᠦᠯᠢ ᠶᠢᠨ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠲᠡᠭᠦᠨ ᠤ ᠨᠠᠮ ᠤᠨ ᠳᠣᠲᠣᠭᠠᠳᠤ ᠶᠢᠨ ᠠᠮᠢᠳᠤᠷᠠᠯ ᠪᠣᠯᠤᠨ ᠠᠵᠢᠯ ᠤᠨ ᠥᠩᠭᠡᠷᠡᠯᠲᠡ ᠶᠢ ᠰᠣᠨᠣᠰᠴᠤ᠂ ᠠᠬᠠᠮᠠᠳ ᠨᠠᠮ ᠤᠨ ᠭᠡᠰᠢᠭᠦᠨ ᠨᠠᠮ ᠢᠶᠠᠨ ᠢᠲᠡᠭᠡᠯ ᠪᠢᠰᠢᠷᠡᠯ ᠢᠶᠠᠨ ᠪᠠᠲᠤᠳᠬᠠᠵᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠨᠠᠮ ᠤᠨ ᠪᠠᠶᠢᠭᠤᠯᠤᠯᠲᠠ ᠪᠣᠯᠤᠨ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠤᠶᠤᠨ ᠤᠬᠠᠭᠠᠨ ᠪᠣᠯᠤᠨ ᠬᠦᠴᠦᠨ ᠴᠢᠳᠠᠯ ᠢᠶᠠᠨ ᠡᠷᠭᠦᠬᠦ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠂ ᠨᠠᠰᠤᠲᠠᠶᠢᠴᠤᠳ ᠤᠨ ᠪᠡᠶ᠎ᠡ ᠮᠠᠬᠠᠪᠣᠳ ᠢᠶᠠᠨ ᠬᠢᠴᠢᠶᠡᠵᠦ᠂ ᠨᠠᠮ ᠤᠨ ᠭᠡᠰᠢᠭᠦᠨ ᠤ ᠤᠤᠷ ᠴᠢᠨᠠᠷ ᠢᠶᠠᠨ ᠡᠭᠦᠷᠢᠳᠡ ᠪᠠᠲᠤᠯᠠᠵᠤ᠂ ᠨᠠᠮ ᠤᠨ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠥᠲᠡᠯᠦᠭᠡ ᠨᠠᠰᠤᠨ ᠤ ᠠᠮᠢᠳᠤᠷᠠᠯ ᠢᠶᠠᠨ ᠡᠳ᠋ᠯᠡᠭᠦᠯᠬᠦ ᠶᠢ ᠬᠦᠰᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号