ᠢᠦᠶ ᡁᠢ ᠶᠦᠩ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠭᠤᠤᠯ ᠴᠠᠭᠳᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/9/9
      9 ᠰᠠᠷ᠎ᠠ ᠶᠢᠨ 3 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠢᠦᠶ ᡁᠢ ᠶᠦᠩ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠭᠤᠤᠯ ᠴᠠᠭᠳᠠᠬᠤ ᠠᠵᠢᠯ ᠥᠷᠨᠢᠭᠦᠯᠪᠡ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠢᠦᠶ ᡁᠢ ᠶᠦᠩ ᠦᠵᠦᠭᠦᠷ ᠭᠤᠤ ᠶᠢᠨ ᠸᠠᠨ ᠶᠤᠸᠠᠨ ᠵᠠᠳᠠᠭᠠᠶ ᠨᠡᠭᠦᠷᠡᠰᠦᠨ ᠤ ᠦᠢᠯᠡᠰ ᠤᠨ ᠺᠣᠮᠫᠠᠨᠢ ᠶᠢᠨ ᠬᠡᠰᠡᠭ ᠤᠨ ᠭᠤᠤᠯ ᠤᠨ ᠵᠠᠮ ᠢ ᠵᠠᠰᠠᠬᠤ᠂ ᠬᠠᠶᠢᠷ ᠴᠢᠯᠠᠭᠤᠨ ᠤ ᠲᠠᠯᠠᠪᠠᠶ ᠪᠠ ᠮᠧᠩ ᠾᠧᠩ ᠡᠯᠡᠰᠦᠨ ᠲᠠᠯᠠᠪᠠᠶ ᠶᠢ ᠵᠠᠰᠠᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠪᠠᠷᠢᠮᠵᠢᠶ᠎ᠠ᠂ ᠲᠥᠰᠦᠯ᠂ ᠴᠠᠭ ᠤᠨ ᠬᠢᠵᠠᠭᠠᠷ ᠤᠨ ᠱᠠᠭᠠᠷᠳᠠᠯᠭ᠎ᠠ ᠲᠠᠢ ᠬᠠᠷᠢᠴᠠᠭᠤᠯᠤᠨ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠪᠠᠷᠢᠮᠵᠢᠶ᠎ᠠ ᠶᠢ ᠳᠡᠭᠡᠭᠰᠢᠯᠡᠭᠦᠯᠦᠨ᠂ ᠠᠰᠠᠭᠤᠳᠠᠯ ᠢ ᠪᠥᠬᠦ ᠲᠠᠯ᠎ᠠ ᠪᠠᠷ ᠴᠢᠨᠠᠷ ᠰᠠᠶᠢᠲᠠᠶ ᠴᠡᠭᠴᠡᠯᠡᠨ ᠰᠠᠶᠢᠵᠢᠷᠠᠭᠤᠯᠵᠤ᠂ ᠲᠣᠭᠲᠠᠭᠰᠠᠨ ᠬᠤᠭᠤᠴᠠᠭᠠᠨ ᠳᠤ ᠳ᠋ᠤᠭᠠᠷ ᠬᠠᠰᠤᠬᠤ ᠶᠢ ᠪᠠᠲᠤᠯᠠᠬᠤ ᠬᠡᠷᠡᠭᠲᠡᠶ ᠭᠡᠵᠡᠶ᠃ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠪᠦᠬᠦ ᠶᠠᠪᠤᠴᠠ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠬᠢᠵᠢᠭᠦᠯᠬᠦ ᠶᠢᠨ ᠬᠠᠮᠲᠤ ᠤᠰᠤ ᠰᠦᠷᠴᠢᠨ ᠲᠣᠭᠤᠰᠣ ᠶᠢ ᠳᠠᠷᠤᠬᠤ ᠵᠡᠷᠭᠡ ᠡᠯ᠎ᠡ ᠵᠦᠢᠯ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠬᠤ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号