ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠨᠠᠮ ᠤᠨ ᠠᠵᠢᠯ ᠤᠨ ᠬᠤᠷᠢᠶ᠎ᠠ 14 ᠳ᠋ᠦ᠋ᠭᠡᠷ ᠤᠳᠠᠭᠠᠨ ᠤ ᠬᠤᠷᠠᠯ ᠵᠢᠴᠢ ︽ᠰᠢᠨ᠎ᠡ ᠵᠢᠯ︾ ︽ᠴᠠᠭᠠᠨ ᠰᠠᠷ᠎ᠠ︾ ᠶᠢᠨ ᠪᠠᠶᠠᠷ ᠤᠨ ᠡᠳᠦᠷ ᠠᠴᠠ ᠡᠮᠦᠨᠡᠬᠢ ᠨᠡᠶᠢᠲᠡᠯᠢᠭ ᠬᠡᠷᠡᠭ ᠤᠨ ᠵᠢᠱᠢᠶ᠎ᠡ ᠶᠢᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/10
     ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠷᠢᠭᠤᠨ ᠴᠢᠬᠡᠴᠢ ᠶᠢᠨ ᠰᠡᠷᠡᠮᠵᠢᠯᠡᠭᠦᠯᠬᠦ ᠬᠥᠮᠦᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠥᠷᠭᠡᠨ ᠣᠯᠠᠨ ᠺᠠᠳ᠋ᠷ ᠠᠵᠢᠯᠲᠠᠨ ᠤ ᠠᠷᠢᠭᠤᠨ ᠴᠢᠬᠡᠴᠢ ᠶᠢᠨ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠨᠠᠮ ᠤᠨ ᠠᠵᠢᠯ ᠤᠨ ᠬᠤᠷᠢᠶ᠎ᠠ ᠪᠠᠶᠠᠷ ᠤᠨ ᠡᠳᠦᠷ ᠠᠴᠠ ᠡᠮᠦᠨᠡᠬᠢ ᠨᠡᠶᠢᠲᠡᠯᠢᠭ ᠬᠡᠷᠡᠭ ᠤᠨ ᠵᠢᠱᠢᠶ᠎ᠡ ᠶᠢᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ᠃      ᠬᠤᠷᠠᠯ ᠳᠡᠭᠡᠷ᠎ᠡ᠂ ᠰᠤᠷᠭᠠᠨ ᠬᠥᠮᠦᠵᠢᠯ ᠤᠨ ᠨᠠᠮ ᠤᠨ ᠠᠵᠢᠯ ᠤᠨ ᠬᠤᠷᠢᠶᠠᠨ ᠤ ᠱᠦᠵᠢ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠰᠢᠤᠢ ᠧᠨ ᠶᠦᠩ ︽ᠶᠡᠷᠦᠩᠬᠡᠶ ᠱᠦᠵᠢ ᠰᠢ ᠶᠢᠨ ᠫᠢᠩ ᠤᠨ ᠰᠤᠷᠲᠠᠯ ᠤᠨ ᠪᠠᠶᠢᠭᠤᠯᠤᠯᠲᠠ ᠶᠢᠨ ᠲᠤᠬᠠᠶ ᠴᠢᠬᠤᠯᠠ ᠥᠭᠦᠯᠡᠯᠲᠡ︾᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽2025 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠵᠢᠴᠢ ᠰᠦᠨ ᠱᠣᠤ ᠶᠤᠸᠠᠨ ᠤ ᠪᠥᠬᠦ ᠲᠣᠭᠤᠷᠢᠭ ᠤᠨ ᠰᠤᠷᠭᠠᠨ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠤᠷᠲᠠᠯ ᠤᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠰᠤᠷᠲᠠᠯ ᠤᠨ ᠪᠠᠶᠢᠭᠤᠯᠤᠯᠲᠠ ᠶᠢᠨ ᠤᠷᠳᠤ ᠬᠤᠭᠤᠴᠠᠭᠠᠲᠤ ᠴᠢᠨᠠᠷ ᠪᠣᠯᠤᠨ ᠪᠡᠷᠬᠡ ᠬᠠᠲᠠᠭᠤᠵᠢᠯᠲᠤ ᠴᠢᠨᠠᠷ ᠢ ᠭᠦᠨᠵᠡᠭᠡᠢ ᠲᠠᠨᠢᠵᠤ᠂ ᠰᠤᠷᠲᠠᠯ ᠤᠨ ᠪᠠᠶᠢᠭᠤᠯᠤᠯᠲᠠ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃      ᠳᠠᠷᠠᠭ᠎ᠠ ᠨᠢ᠂ ᠬᠠᠶᠢᠨᠠᠨ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠨ ᠰᠠᠭᠤᠯᠭᠠᠭᠰᠠᠨ ᠬᠢᠨᠠᠨ ᠪᠠᠶᠢᠴᠠᠭᠠᠬᠤ ᠳᠤᠭᠤᠶᠢᠯᠠᠩ ᠤᠨ ᠠᠵᠢᠯᠲᠠᠨ ᠺᠦᠩ ᠯᠢᠩ ᠹᠸᠢ ᠨᠥᠬᠦᠷ ᠨᠢᠭᠡ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠭᠰᠡᠨ ᠪᠥᠭᠡᠳ 2025 ᠣᠨ ᠤ ᠰᠢᠨ᠎ᠡ ᠵᠢᠯ᠂ ᠴᠠᠭᠠᠨ ᠰᠠᠷ᠎ᠠ ᠶᠢᠨ ᠠᠵᠢᠯ ᠤᠨ ᠰᠠᠨᠠᠭᠤᠯᠭ᠎ᠠ ᠶᠢ ᠤᠯᠠᠮᠵᠢᠯᠠᠪᠠ᠃ ᠬᠡᠷᠡᠭ ᠤᠨ ᠵᠢᠱᠢᠶ᠎ᠡ ᠶᠢ ᠵᠠᠳᠠᠯᠬᠤ ᠪᠠᠷ ᠳᠠᠮᠵᠢᠨ᠂ ᠲᠤᠷᠰᠢᠯᠭ᠎ᠠ ᠰᠤᠷᠭᠠᠮᠵᠢ ᠪᠠᠨ ᠳ᠋ᠦᠩᠨᠡᠵᠦ᠂ ᠡᠭᠦᠨ ᠢᠶᠠᠷ ᠴᠡᠭᠡᠷᠯᠡᠯ ᠪᠣᠯᠭᠠᠨ᠎ᠠ᠃ ᠡᠭᠦᠨ ᠤ ᠬᠠᠮᠲᠤ ᠰᠢᠨ᠎ᠡ ᠵᠢᠯ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠷᠢᠭᠤᠨ ᠴᠢᠬᠡᠴᠢ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠳᠤᠷᠠᠳᠴᠤ᠂ ᠲᠤᠰᠢᠶᠠᠯ ᠤᠨ ᠳᠥᠭᠦᠮ ᠢᠶᠠᠨ ᠠᠰᠢᠭᠯᠠᠨ ᠬᠤᠪᠢ ᠶᠢᠨ ᠠᠰᠢᠭ ᠤᠯᠬᠤ ᠶᠢ ᠴᠢᠩᠭ᠎ᠠ ᠴᠠᠭᠠᠵᠠᠯᠠᠵᠤ᠂ ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠭᠰᠡᠨ ᠠᠯᠢᠪᠠ ᠦᠢᠯᠡ ᠠᠵᠢᠯᠯᠠᠭ᠎ᠠ ᠶᠢ ᠬᠤᠷᠢᠭᠯᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠤ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠳᠤᠷᠠᠳᠪᠠ᠃      ᠬᠤᠷᠠᠯ ᠠᠴᠠ᠂ ᠨᠢᠭᠡ ᠳᠤ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠶᠢᠨ ᠴᠢᠬᠤᠯᠠ ᠴᠢᠨᠠᠷ ᠢ ᠭᠦᠨᠵᠡᠭᠡᠢ ᠣᠶᠢᠯᠠᠭᠠᠵᠤ᠂ ᠴᠠᠭ ᠢᠮᠠᠭᠲᠠ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠲᠤᠬᠠᠶᠢᠯᠠᠭᠰᠠᠨ ᠠᠵᠢᠯ ᠤᠨ ᠶᠣᠰᠣ ᠰᠤᠷᠲᠠᠬᠤᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠠᠷᠢᠭᠤᠨ ᠴᠢᠬᠡᠴᠢ ᠪᠠᠶᠢᠬᠤ ᠬᠡᠷᠡᠭᠲᠡᠢ︔ ᠬᠤᠶᠠᠷ ᠲᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠪᠠᠶᠠᠷ ᠤᠨ ᠡᠳᠦᠷ ᠤᠨ ᠬᠤᠭᠤᠴᠠᠭᠠᠨ ᠳᠤ ᠠᠮᠤᠷ ᠲᠦᠪᠰᠢᠨ ᠤ ᠬᠠᠮᠢᠶᠠᠷᠤᠯᠲᠠ ᠶᠢ ᠴᠢᠬᠤᠯᠠᠴᠢᠯᠠᠵᠤ᠂ ᠡᠯ᠎ᠡ ᠰᠤᠷᠭᠠᠭᠤᠯᠢ ᠠᠮᠤᠷ ᠲᠦᠪᠰᠢᠨ ᠤ ᠬᠥᠮᠦᠵᠢᠯ ᠢᠶᠠᠨ ᠴᠢᠩᠭᠠᠳᠬᠠᠨ᠂ ᠠᠮᠤᠷ ᠲᠦᠪᠰᠢᠨ ᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠪᠦᠲᠦᠮᠵᠢᠲᠡᠶ ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃      ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠨᠠᠮ ᠤᠨ ᠠᠵᠢᠯ ᠤᠨ ᠬᠤᠷᠢᠶ᠎ᠠ ᠲᠣᠰ ᠤᠳᠠᠭᠠᠨ ᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠭᠠᠨ ᠬᠥᠮᠦᠵᠢᠯ ᠤᠨ ᠦᠢᠯᠡᠰ ᠤᠨ ᠦᠷᠭᠦᠯᠵᠢᠯᠡᠨ ᠡᠷᠡᠭᠦᠯ ᠪᠥᠭᠡᠳ ᠴᠢᠨᠠᠷ ᠰᠠᠶᠢᠲᠠᠶ ᠬᠥᠭᠵᠢᠬᠦ ᠶᠢ ᠠᠬᠢᠭᠤᠯᠬᠤ ᠶᠢᠨ ᠬᠠᠮᠲᠤ ᠪᠠᠶᠠᠷ ᠤᠨ ᠡᠳᠦᠷ ᠤᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠨ᠎ᠠ᠃      ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠨᠠᠮ ᠤᠨ ᠠᠵᠢᠯᠯᠠᠬᠤ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠤ᠂ ᠬᠠᠶᠢᠨᠠᠨ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠠᠵᠢᠯᠲᠠᠨ ᠺᠦᠩ ᠯᠢᠩ ᠹᠸᠢ ᠨᠥᠬᠦᠷ ᠢ ᠤᠷᠢᠵᠤ ᠬᠤᠷᠠᠯ ᠳᠤ ᠰᠤᠯᠠ ᠣᠷᠣᠯᠴᠠᠭᠤᠯᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号