1 ᠰᠠᠷ᠎ᠠ ᠶᠢᠨ 13 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ᠂ | ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠴᠦᠨ ᠯᠸᠢ᠂ | ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠵᠠᠩ ᠳ᠋ᠢᠩ ᠸᠧᠢ ᠪᠣᠯᠤᠨ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ ᠰᠢᠤᠢ ᠪᠢᠨ ᠲᠤᠰ ᠲᠤᠰ ᠲᠤᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ᠂ ᠲᠤᠭᠤᠷᠢᠭ ᠤᠨ ᠤᠯᠤᠰ ᠲᠦᠷᠦ ᠶᠢᠨ | ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ ᠬᠤᠷᠠᠯ ᠳᠤ ᠣᠷᠣᠯᠴᠠᠭᠰᠠᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠢ | ᠪᠣᠯᠭᠤᠭᠠᠨ ᠦᠵᠡᠪᠡ᠃ ᠲᠣᠭᠤᠷᠢᠭ ᠤᠨ ᠤᠳᠤᠷᠢᠳᠤᠯᠭ᠎ᠠ ᠯᠢ ᠰᠢᠶᠤᠤ ᠴᠢᠩ᠂ ᠭᠧᠩ ᡁᠢ᠂ ᠵᠠᠩ ᠽᠧ ᠢᠦᠢ᠂ | ᠪᠠᠶᠠᠷ ᠣᠷᠣᠯᠴᠠᠪᠠ᠃ | | | ᠯᠢᠦ ᠪᠦᠦ ᠴᠧᠩ ᠨᠡᠷ ᠡᠯ᠎ᠡ ᠲᠥᠯᠥᠭᠡᠯᠡᠭᠴᠢᠳ ᠤᠨ ᠪᠦᠯᠬᠦᠮ ᠪᠣᠯᠤᠨ ᠭᠡᠰᠢᠭᠦᠳ ᠤᠨ ᠰᠠᠭᠤᠭ᠎ᠠ ᠭᠠᠵᠠᠷ ᠲᠤ | ᠬᠦᠷᠴᠦ᠂ ᠲᠥᠯᠥᠭᠡᠯᠡᠭᠴᠢ ᠭᠡᠰᠢᠭᠦᠳ ᠲᠠᠢ ᠳᠣᠲᠣᠨᠣ ᠪᠠᠷ ᠶᠠᠷᠢᠯᠴᠠᠵᠤ᠂ ᠴᠢᠩ ᠰᠡᠳᠬᠢᠯ ᠤᠨ ᠮᠡᠨᠳᠦᠴᠢᠯᠡᠯ | ᠳᠡᠪᠰᠢᠭᠦᠯᠵᠦ᠂ ᠤᠯᠠᠨ ᠢᠶᠠᠷ ᠢᠶᠠᠨ ᠥᠪᠡᠷ ᠥᠪᠡᠷ ᠤᠨ ᠠᠵᠢᠯ ᠤᠨ ᠪᠠᠶᠢᠷᠢ ᠳᠠᠭᠠᠨ ᠬᠠᠶᠢᠨᠠᠨ ᠲᠣᠭᠤᠷᠢᠭ ᠤᠨ | ᠬᠥᠭᠵᠢᠯᠲᠡ ᠳᠤ ᠭᠠᠷᠭᠠᠭᠰᠠᠨ ᠰᠢᠷᠭᠠᠭᠤ ᠬᠥᠳᠡᠯᠮᠦᠷᠢ᠂ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠳᠤ ᠴᠢᠩ | ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠯᠢᠦ ᠪᠦᠦ ᠴᠧᠩ ᠬᠡᠯᠡᠬᠦ ᠳᠡᠭᠡᠨ᠂ ᠲᠤᠭᠤᠷᠢᠭ ᠤᠨ | ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ᠂ | ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ | ᠪᠣᠯ ᠪᠥᠬᠦ ᠲᠤᠭᠤᠷᠢᠭ ᠤᠨ ᠠᠷᠠᠳ ᠲᠦᠮᠡᠨ ᠤ ᠤᠯᠤᠰ ᠲᠥᠷᠥ ᠶᠢᠨ ᠠᠮᠢᠳᠤᠷᠠᠯ ᠳᠠᠬᠢ ᠨᠢᠭᠡᠨ ᠲᠣᠮᠣ ᠶᠠᠪᠤᠳᠠᠯ ᠮᠥᠨ᠃ | ᠲᠥᠯᠥᠭᠡᠯᠡᠭᠴᠢᠳ᠂ ᠭᠡᠰᠢᠭᠦᠳ ᠪᠣᠯ ᠴᠥᠮ ᠲᠤᠰ ᠲᠤᠰ ᠤᠨ ᠠᠵᠢᠯ ᠲᠦᠷᠦᠯ ᠤᠨ ᠢᠶᠠᠨ ᠣᠬᠢ ᠰᠣᠳᠣ ᠴᠤ᠋ ᠪᠠ | ᠭᠠᠷᠮᠠᠭᠠᠢ ᠲᠥᠯᠥᠭᠡᠯᠡᠭᠴᠢ ᠮᠥᠨ᠂ ᠠᠷᠠᠳ ᠲᠦᠮᠡᠨ ᠠᠴᠠ ᠣᠯᠭᠤᠭᠰᠠᠨ ᠢᠷᠠᠭᠤ ᠠᠯᠳᠠᠷᠲᠤ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠵᠦ ᠪᠠᠶᠢᠨ᠎ᠠ᠂ ᠤᠯᠠᠨ ᠢᠶᠠᠷ ᠢᠶᠠᠨ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ | ᠡᠷᠬᠢᠮᠯᠡᠬᠦ ᠶᠢ ᠶᠡᠭᠡ ᠬᠤᠷᠠᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠦᠨᠳᠦᠰᠦᠨ ᠬᠠᠤᠯᠢ ᠪᠠ ᠬᠠᠤᠯᠢ | ᠴᠠᠭᠠᠵᠠ ᠠᠴᠠ ᠣᠯᠭᠤᠭᠰᠠᠨ ᠡᠯ᠎ᠡ ᠵᠦᠢᠯ ᠤᠨ ᠡᠷᠬᠡ ᠲᠤᠰᠢᠶᠠᠯ ᠢᠶᠠᠨ ᠡᠷᠡᠰ ᠰᠠᠶᠢᠲᠤᠷ ᠭᠦᠢᠴᠡᠳᠬᠡᠵᠦ᠂ ᠡᠯ᠎ᠡ | ᠵᠦᠢᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠬᠢᠨᠠᠨ ᠵᠥᠪᠯᠡᠵᠦ᠂ ᠰᠣᠩᠭᠤᠭᠤᠯᠢ ᠶᠢᠨ ᠡᠭᠦᠷᠭᠡ ᠶᠢ ᠴᠢᠨᠠᠷ ᠰᠠᠶᠢᠲᠠᠢ | ᠪᠡᠶᠡᠯᠡᠭᠦᠯᠵᠦ᠂ ᠬᠤᠷᠠᠯ ᠤᠨ ᠰᠤᠷᠲᠠᠯ ᠬᠤᠷᠠᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠠᠷᠠᠳ ᠲᠦᠮᠡᠨ ᠳᠤ | ᠦᠢᠯᠡᠴᠢᠯᠡᠬᠦ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ | ᠦᠷᠭᠦᠯᠵᠢᠯᠡᠨ ᠰᠠᠶᠢᠲᠤᠷ ᠪᠠᠳᠠᠷᠠᠭᠤᠯᠵᠤ᠂ ᠰᠠᠶᠢᠨ ᠠᠷᠭ᠎ᠠ ᠪᠣᠳᠣᠯᠭ᠎ᠠ᠂ ᠪᠣᠳᠠᠲᠠᠢ ᠠᠷᠭ᠎ᠠ ᠬᠡᠮᠵᠢᠶ᠎ᠡ ᠭᠠᠷᠭᠠᠵᠤ᠂ | ᠬᠤᠷᠠᠯ ᠤᠨ ᠵᠣᠷᠢᠭ ᠰᠠᠨᠠᠭ᠎ᠠ ᠶᠢ ᠦᠨᠡᠨᠬᠦ ᠬᠥᠭᠵᠢᠯᠲᠡ ᠶᠢ ᠠᠬᠢᠭᠤᠯᠬᠤ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ | ᠪᠣᠯᠭᠠᠨ ᠬᠤᠪᠢᠷᠠᠭᠤᠯᠵᠤ᠂ ᠬᠠᠶᠢᠨᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃ ᠲᠥᠯᠥᠭᠡᠯᠡᠭᠴᠢᠳ᠂ ᠭᠡᠰᠢᠭᠦᠳ ᠯᠠᠪᠲᠠᠢ ᠲᠡᠭᠦᠰ ᠲᠡᠭᠦᠯᠳᠡᠷ ᠤᠶᠤᠨ | ᠰᠠᠨᠠᠭᠠᠨ ᠤ ᠳᠦᠷᠰᠦ ᠪᠠᠶᠢᠳᠠᠯ᠂ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ᠂ ᠰᠢᠯᠢᠳᠡᠭ ᠰᠠᠶᠢᠨ | ᠰᠠᠬᠢᠯᠭ᠎ᠠ ᠪᠠᠲᠤ ᠰᠤᠷᠲᠠᠯ ᠢᠶᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠢᠳᠡᠪᠬᠢᠲᠡᠢ ᠪᠠᠷ ᠰᠠᠨᠠᠯ ᠵᠥᠪᠯᠡᠯᠭᠡ | ᠳᠤᠷᠠᠳᠤᠨ ᠠᠷᠭ᠎ᠠ ᠤᠬᠠᠭᠠᠨ ᠭᠠᠷᠭᠠᠵᠤ᠂ ᠬᠠᠶᠢᠨᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠪᠦᠬᠦ ᠲᠤᠭᠤᠷᠢᠭ ᠤᠨ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ | ᠬᠥᠰᠡᠷᠳᠡᠭᠦᠯᠬᠦ ᠦᠭᠡᠢ ᠭᠡᠵᠦ ᠰᠠᠨᠠᠯ ᠨᠢᠭᠡᠲᠡᠢ ᠢᠯᠡᠳᠬᠡᠪᠡ᠃ |