1 ᠰᠠᠷ᠎ᠠ ᠶᠢᠨ 11 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ ᠠᠵᠤ | ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ | ᠤᠳᠤᠷᠢᠳᠤᠯᠭ᠎ᠠ ᠮᠠ ᠺᠠᠢ᠂ ᠯᠢᠦ ᠲᠢᠶᠠᠨ ᠴᠢᠩ ᠣᠷᠣᠯᠴᠠᠪᠠ᠃ | ᠯᠢᠦ ᠪᠦᠦ ᠴᠧᠩ ᠤᠷᠢᠳ ᠬᠤᠵᠢᠳ ᠦᠬᠠᠢ ᠶᠢᠨ ᠴᠢᠩ ᠱᠢ ᠬᠢᠮᠢ ᠶᠢᠨ ᠬᠢᠵᠠᠭᠠᠷᠲᠤ ᠺᠣᠮᠫᠠᠨᠢ᠂ ᠦᠬᠠᠢ | ᠬᠤᠳᠠ ᠶᠢᠨ ᠰᠧᠨ ᠶᠠᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ᠂ ᠦᠬᠠᠢ ᠬᠤᠳᠠ ᠶᠢᠨ ᠡᠦ ᠬᠤᠸᠠ ᠠᠭᠤᠷᠬᠠᠢ ᠶᠢᠨ ᠦᠢᠯᠡᠰ ᠤᠨ ᠬᠢᠵᠠᠭᠠᠷᠲᠤ ᠺᠣᠮᠫᠠᠨᠢ᠂ | ᠦᠬᠠᠢ ᠬᠤᠳᠠ ᠶᠢᠨ ᠷᠦᠩ ᠰᠢᠨ ᠡᠨᠧᠷᠭᠢ ᠶᠢᠨ ᠠᠵᠤ ᠦᠢᠯᠡᠰ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤ | ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ | ᠬᠡᠯᠪᠡᠷᠢ ᠪᠠᠷ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠷᠢᠮ ᠢ | ᠨᠠᠶᠢᠳᠠᠪᠤᠷᠢᠵᠢᠭᠤᠯᠤᠭᠰᠠᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ᠂ ᠵᠢᠵᠢᠭᠦᠷᠯᠡᠨ ᠰᠠᠬᠢᠬᠤ᠂ | ᠲᠥᠬᠦᠭᠡᠷᠦᠮᠵᠢ ᠶᠢᠨ ᠠᠵᠢᠯᠯᠠᠭᠠᠨ ᠢ ᠬᠠᠮᠠᠭᠠᠯᠠᠬᠤ ᠵᠢᠴᠢ ᠦᠢᠯᠡᠳᠪᠦᠷᠢᠯᠡᠯ ᠡᠵᠡᠩᠨᠡᠯᠲᠡ ᠵᠡᠷᠭᠡ ᠪᠠᠶᠢᠳᠠᠯ ᠢ ᠨᠠᠷᠢᠨ | ᠣᠶᠢᠯᠠᠭᠠᠪᠠ᠃ ᠲᠡᠷᠡ᠂ ᠣᠳᠣᠬᠠᠨ ᠳᠤ ᠶᠠᠭ ᠵᠢᠯ ᠤᠨ ᠡᠴᠦᠰ ᠵᠢᠯ ᠤᠨ ᠡᠬᠢᠨ ᠤ ᠠᠶᠤᠯᠭᠦᠢ ᠦᠢᠯᠡᠳᠪᠦᠷᠢᠯᠡᠯ ᠤᠨ | ᠵᠠᠩᠭᠢᠯᠠᠭ᠎ᠠ ᠶᠢᠨ ᠬᠤᠭᠤᠴᠠᠭᠠᠨ ᠳᠤ ᠪᠤᠢ᠂ ᠠᠵᠤ ᠠᠬᠤᠶᠢᠯᠠᠯ ᠤᠨ ᠬᠢᠨ ᠠᠮᠤᠷ ᠲᠦᠪᠰᠢᠨ ᠬᠥᠭᠵᠢᠯᠲᠡ ᠶᠢᠨ | ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ | ᠦᠢᠯᠡᠳᠪᠦᠷᠢᠯᠡᠯ ᠡᠵᠡᠩᠨᠡᠯᠲᠡ ᠶᠢᠨ ᠡᠯ᠎ᠡ ᠭᠤᠭᠴᠤᠭ᠎ᠠ᠂ ᠡᠯ᠎ᠡ ᠠᠵᠢᠯ ᠤᠨ ᠪᠠᠶᠢᠷᠢ ᠳᠤ ᠨᠠᠶᠢᠳᠠᠪᠤᠷᠢᠵᠢᠭᠤᠯᠵᠤ᠂ | ᠠᠶᠤᠯᠭᠦᠢ ᠦᠢᠯᠡᠳᠪᠦᠷᠢᠯᠡᠯ ᠤᠨ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠠᠶᠤᠯᠭᠦᠢ | ᠦᠢᠯᠡᠳᠪᠦᠷᠢᠯᠡᠯ ᠤᠨ ︽ᠬᠠᠮᠠᠭᠠᠯᠠᠯᠲᠠ ᠶᠢᠨ ᠲᠣᠣᠷ︾ ᠢ ᠡᠷᠡᠰ ᠨᠢᠭᠲᠠ ᠰᠦᠯᠵᠢᠵᠦ᠂ ᠵᠢᠯ ᠤᠨ ᠰᠡᠭᠦᠯᠴᠢ ᠵᠢᠯ ᠤᠨ | ᠡᠬᠢᠨ ᠤ ︽ᠠᠮᠤᠷ ᠲᠦᠪᠰᠢᠨ ᠤ ᠪᠣᠭᠤᠮᠲᠠ︾ ᠶᠢ ᠴᠢᠩᠭ᠎ᠠ ᠰᠠᠬᠢᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ︽ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ | ᠡᠯ᠎ᠡ ᠲᠠᠯ᠎ᠠ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ | ᠠᠮᠤᠷ ᠲᠦᠪᠰᠢᠨ ᠤ ᠭᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ ᠥᠷᠨᠢᠭᠦᠯᠵᠦ᠂ ᠭᠡᠮ | ᠰᠣᠭᠤᠭ ᠢ ᠡᠷᠲᠡ ᠢᠯᠡᠷᠡᠭᠦᠯᠵᠦ᠂ ᠡᠷᠲᠡ ᠰᠢᠢᠳᠪᠦᠷᠢᠯᠡᠬᠦ ᠶᠢ ᠪᠠᠲᠤᠯᠠᠵᠤ᠂ ᠠᠶᠤᠯᠭᠦᠢ ᠦᠢᠯᠡᠳᠪᠦᠷᠢᠯᠡᠯ ᠤᠨ | ᠰᠡᠷᠭᠡᠶᠢᠯᠡᠯᠲᠡ ᠶᠢᠨ ᠱᠤᠭᠤᠮ ᠢ ᠴᠢᠨᠠᠭᠰᠢᠳᠠ ᠪᠠᠬᠢᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠠᠵᠤ | ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠬᠦᠴᠦᠲᠡᠢ ᠥᠷᠨᠢᠭᠦᠯᠵᠦ᠂ | ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠲᠠᠢ ᠬᠠᠷᠢᠯᠴᠠᠬᠤ ᠪᠠ ᠦᠢᠯᠡᠴᠢᠯᠡᠵᠦ᠂ ᠠᠵᠤ ᠠᠬᠤᠶᠢᠯᠠᠯ ᠤᠨ | ᠨᠢᠭᠡᠳᠦᠭᠡᠷ ᠹᠷᠣᠨᠲ ᠲᠤ ᠭᠦᠨᠵᠡᠭᠡᠶᠢᠷᠡᠨ ᠪᠠᠶᠢᠳᠠᠯ ᠢ ᠣᠶᠢᠯᠠᠭᠠᠵᠤ᠂ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠤᠨ | ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠣᠳᠠᠲᠠᠢ ᠶᠠᠪᠤᠳᠠᠯ ᠬᠢᠵᠦ᠂ ᠡᠯᠧᠮᠧᠨ᠋ᠲ ᠤᠨ ᠪᠠᠲᠤᠯᠠᠭ᠎ᠠ ᠶᠢ ᠴᠢᠨᠠᠭᠰᠢᠳᠠ | ᠴᠢᠩᠭᠠᠳᠬᠠᠵᠤ᠂ ᠨᠡᠩ ᠣᠨᠣᠪᠴᠢᠲᠠᠢ᠂ ᠨᠡᠩ ᠬᠠᠯᠠᠭᠤᠨ ᠳᠤᠯᠠᠭᠠᠨ ᠦᠢᠯᠡᠴᠢᠯᠡᠭᠡ ᠪᠠᠷ ᠠᠵᠤ ᠠᠬᠤᠶᠢᠯᠠᠯ ᠤᠨ ᠴᠢᠨᠠᠷ | ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠡᠢ᠃ |