ᠪᠠᠢ ᠴᠦᠨ ᠯᠸᠢ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ ᠬᠤᠷᠠᠯᠳᠤᠭᠠᠨ ᠤ ᠬᠠᠮᠲᠤᠷᠠᠭᠰᠠᠨ ᠳᠤᠭᠤᠶᠢᠯᠠᠩ ᠤᠨ ᠶᠠᠷᠢᠯᠴᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2025/1/23
      1 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠴᠦᠨ ᠯᠸᠢ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ ᠬᠤᠷᠠᠯ ᠤᠨ ᠳᠤᠭᠤᠶᠢᠯᠠᠩ ᠬᠠᠮᠲᠤᠷᠠᠭᠰᠠᠨ ᠶᠠᠷᠢᠯᠴᠠᠬᠤ ᠳᠤ ᠣᠷᠣᠯᠴᠠᠪᠠ᠃
21.png
      ᠶᠠᠷᠢᠯᠴᠠᠬᠤ ᠳᠤᠮᠳᠠ᠂ ᠭᠡᠰᠢᠭᠦᠳ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠣᠭᠤᠷᠢᠨ ᠳᠤ ᠢᠳᠡᠪᠬᠢᠲᠡᠶ ᠪᠠᠷ ᠶᠠᠷᠢᠶ᠎ᠠ ᠲᠠᠯᠪᠢᠵᠤ᠂ ᠬᠥᠷ ᠬᠥᠭᠵᠢᠶᠡᠨ ᠢᠶᠠᠷ ᠪᠢᠯᠬᠠᠵᠤ᠂ ᠪᠠᠶ ᠴᠦᠨ ᠯᠸᠢ ᠨᠠᠷᠢᠨ ᠬᠢᠨᠠᠮᠠᠭᠠᠶ ᠰᠣᠨᠣᠰᠴᠤ᠂ ᠨᠠᠷᠢᠨ ᠨᠢᠮᠪᠠᠶ ᠲᠡᠮᠳᠡᠭᠯᠡᠵᠦ᠂ ᠣᠯᠠᠨ ᠤ ᠳᠤᠷᠠᠳᠤᠭᠰᠠᠨ ᠰᠠᠨᠠᠯ ᠰᠠᠨᠠᠭᠤᠯᠭ᠎ᠠ ᠳᠤ ᠨᠢᠭᠡᠳ ᠨᠢᠭᠡ ᠪᠠᠷ ᠬᠠᠷᠢᠭᠤᠯᠲᠠ ᠥᠭᠪᠡ᠃ ᠲᠡᠷᠡ ᠬᠡᠯᠡᠬᠦ ᠳᠡᠭᠡᠨ᠂ ᠨᠢᠭᠡ ᠵᠢᠯ ᠤᠨ ᠲᠤᠷᠰᠢ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠨᠢ ᠲᠤᠭᠤᠷᠢᠭ ᠤᠨ ᠨᠠᠮ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠪᠦᠯᠬᠦᠮᠳᠡᠯ ᠪᠠ ᠠᠷᠠᠳᠴᠢᠯᠠᠯ ᠬᠤᠶᠠᠷ ᠶᠡᠭᠡ ᠭᠤᠤᠯ ᠰᠡᠳᠦᠪ ᠢ ᠳᠣᠪᠤᠶᠢᠯᠭᠠᠨ᠂ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠢ ᠰᠦᠪᠡᠭᠴᠢᠯᠡᠵᠦ᠂ ᠨᠠᠷᠢᠨ ᠬᠢᠨᠠᠮᠠᠭᠠᠶ ᠠᠵᠢᠯ ᠬᠢᠵᠦ᠂ ᠤᠴᠢᠷ ᠶᠠᠪᠤᠳᠠᠯ ᠢ ᠴᠢᠷᠮᠠᠶᠢᠨ ᠪᠦᠲᠦᠭᠡᠵᠦ᠂ ᠶᠡᠭᠡ ᠲᠠᠯ᠎ᠠ ᠳᠤ ᠦᠢᠯᠡᠴᠢᠯᠡᠬᠦ ᠲᠠᠯ᠎ᠠ ᠪᠠᠷ ᠰᠠᠶᠢᠨ ᠠᠷᠭ᠎ᠠ ᠪᠣᠳᠣᠯᠭ᠎ᠠ ᠳᠡᠪᠰᠢᠭᠦᠯᠵᠦ᠂ ᠵᠥᠪᠯᠡᠬᠦ ᠠᠷᠠᠳᠴᠢᠯᠠᠯ ᠤᠨ ᠲᠠᠯ᠎ᠠ ᠪᠠᠷ ᠳᠠᠪᠠᠭᠤᠯᠢᠭ ᠢᠶᠠᠨ ᠪᠠᠳᠠᠷᠠᠭᠤᠯᠤᠨ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠠᠯ᠎ᠠ ᠪᠠᠷ ᠪᠣᠳᠠᠲᠠᠶ ᠠᠷᠭ᠎ᠠ ᠬᠡᠮᠵᠢᠶ᠎ᠡ ᠠᠪᠴᠤ᠂ ᠡᠶ᠎ᠡ ᠵᠣᠬᠢᠴᠠᠯ ᠢ ᠬᠠᠮᠠᠭᠠᠯᠠᠬᠤ ᠲᠠᠯ᠎ᠠ ᠪᠠᠷ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠤᠯᠤᠰ ᠲᠥᠷᠥ ᠶᠢᠨ ᠵᠥᠪᠯᠡᠯᠭᠡᠨ ᠤ ᠪᠦᠯᠬᠦᠮᠳᠡᠯ ᠠᠷᠠᠳᠴᠢᠯᠠᠯ ᠤᠨ ︽ᠨᠠᠶᠢᠵᠠ ᠶᠢᠨ ᠲᠣᠭᠤᠷᠢᠭ︾ ᠢ ᠲᠠᠰᠤᠷᠠᠯᠲᠠ ᠥᠬᠡᠶ ᠥᠷᠭᠡᠳᠬᠡᠵᠦ᠂ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ ᠠᠷᠠᠳ ᠤᠨ ᠲᠥᠯᠥᠭᠡ ᠵᠢᠳᠬᠦᠬᠦ ︽ᠰᠠᠶᠢᠨ ᠳᠠᠭᠤᠨ︾ ᠢ ᠨᠠᠩ ᠬᠠᠩᠭᠢᠨᠠᠭᠤᠯᠵᠤ᠂ ᠬᠠᠶᠢᠨᠠᠨ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ ᠭᠡᠵᠡᠶ᠃ ᠰᠢᠷᠭᠠᠭᠤ ᠬᠠᠲᠠᠭᠤᠵᠢᠯᠲᠠᠢ ᠬᠦᠴᠦ ᠬᠥᠯᠥᠰᠦ ᠨᠢᠭᠡᠪᠦᠷᠢ ᠶᠢ ᠪᠦᠷ ᠨᠠᠨᠳᠢᠩᠨᠠᠭᠤᠰᠢᠲᠠᠢ ᠶᠤᠮ ᠴᠢᠷᠮᠠᠶᠢᠨ ᠲᠡᠮᠡᠴᠡᠬᠦ ᠪᠠᠷ᠎ᠠ ᠰᠡᠭᠦᠳᠡᠷ ᠨᠢᠭᠡᠪᠦᠷᠢ ᠶᠢ ᠴᠥᠮ ᠪᠠᠲᠤ ᠴᠡᠭᠡᠵᠢᠯᠡᠭᠦᠰᠢᠲᠡᠢ ᠶᠤᠮ᠃ 2025 ᠣᠨ ᠳᠤ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠪᠠ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠲᠤᠰᠬᠠᠶ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠢᠳᠡᠪᠬᠢᠲᠡᠶ ᠦᠢᠯᠡᠳᠦᠯᠭᠡᠵᠢᠭᠦᠯᠵᠦ᠂ ᠠᠷᠭ᠎ᠠ ᠤᠬᠠᠭᠠᠨ ᠭᠠᠷᠭᠠᠨ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠠᠵᠢᠯ ᠢ ᠰᠠᠶᠢᠲᠤᠷ ᠬᠢᠵᠦ᠂ ᠢᠷᠠᠭᠤ ᠠᠯᠳᠠᠷᠲᠤ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠥᠪᠡᠷᠮᠢᠴᠡ ᠳᠠᠪᠠᠭᠤᠯᠢᠭ ᠢᠶᠠᠨ ᠪᠠᠳᠠᠷᠠᠭᠤᠯᠵᠤ᠂ ︽ᠤᠯᠤᠰ ᠲᠥᠷᠥ ᠶᠢᠨ ᠵᠥᠪᠯᠡᠯᠭᠡᠨ ᠤ ᠳᠠᠭᠤᠨ︾ ᠢ ᠴᠤᠤᠷᠢᠶᠠᠲᠤᠭᠤᠯᠵᠤ᠂ ︽ᠤᠯᠤᠰ ᠲᠥᠷᠥ ᠶᠢᠨ ᠵᠥᠪᠯᠡᠯᠭᠡᠨ ᠤ ᠣᠶᠤᠨ ᠤᠬᠠᠭᠠᠨ︾ ᠢ ᠢᠯᠡᠷᠡᠭᠦᠯᠵᠦ᠂ ︽ᠤᠯᠤᠰ ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠵᠦ᠂ ᠪᠥᠬᠦ ᠲᠤᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠳᠤᠮᠳᠠ ᠤᠯᠤᠰ ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃ ᠲᠣᠭᠤᠷᠢᠭ ᠤᠨ ᠤᠳᠤᠷᠢᠳᠤᠯᠭ᠎ᠠ ᠯᠢᠦ ᠶᠦᠩ ᠣᠷᠣᠯᠴᠠᠪᠠ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号