1 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ | ᠯᠢᠦ ᠪᠦᠦ ᠴᠧᠩ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ | ᠬᠤᠷᠠᠯ ᠤᠨ ᠳᠤᠭᠤᠶᠢᠯᠠᠩ ᠬᠠᠮᠲᠤᠷᠠᠭᠰᠠᠨ ᠶᠠᠷᠢᠯᠴᠠᠬᠤ ᠳᠤ ᠣᠷᠣᠯᠴᠠᠪᠠ᠃ | | | ᠶᠠᠷᠢᠯᠴᠠᠬᠤ ᠳᠤᠮᠳᠠ᠂ ᠭᠡᠰᠢᠭᠦᠳ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠣᠭᠤᠷᠢᠨ ᠳᠤ | ᠢᠳᠡᠪᠬᠢᠲᠡᠢ ᠪᠠᠷ ᠶᠠᠷᠢᠶ᠎ᠠ ᠲᠠᠯᠪᠢᠵᠤ᠂ ᠯᠢᠦ ᠪᠦᠦ ᠴᠧᠩ ᠨᠠᠷᠢᠨ ᠬᠢᠨᠠᠮᠠᠭᠠᠢ ᠰᠣᠨᠣᠰᠴᠤ᠂ ᠨᠢᠭᠡ ᠨᠢᠭᠡ ᠪᠠᠷ ᠦᠨᠡᠯᠡᠵᠦ᠂ | ᠭᠡᠰᠢᠭᠦᠳ ᠤᠨ ᠰᠠᠨᠠᠯ ᠰᠠᠨᠠᠭᠤᠯᠭ᠎ᠠ ᠶᠢ ᠭᠦᠢᠴᠡᠳ ᠨᠤᠲᠠᠯᠠᠪᠠ᠃ ᠲᠡᠷᠡ᠂ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠨᠢ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠠᠭᠤᠯᠤᠭᠳᠠᠬᠤᠨ ᠡᠯᠪᠡᠭ ᠪᠠᠶᠠᠯᠢᠭ᠂ ᠬᠢᠯᠠᠰ ᠴᠡᠭ | ᠲᠤᠪᠤᠶᠢᠮ᠎ᠠ ᠪᠠᠶᠢᠵᠤ᠂ 2024 ᠣᠨ ᠤ ᠠᠮᠵᠢᠯᠲᠠ ᠶᠢ ᠦᠨᠡᠨ ᠠᠴᠠ ᠵᠥᠪ ᠢ ᠡᠷᠢᠵᠦ ᠳ᠋ᠦᠩᠨᠡᠵᠦ᠂ 2025 | ᠣᠨ ᠤ ᠠᠵᠢᠯ ᠤᠨ ᠪᠠᠶᠢᠷᠢᠯᠠᠭᠤᠯᠤᠯᠲᠠ ᠶᠢᠨ ᠰᠡᠳᠬᠢᠴᠡ ᠲᠣᠳᠣᠷᠬᠠᠢ᠂ ᠬᠠᠷᠠᠯᠲᠠ ᠲᠣᠳᠣᠷᠬᠠᠢ᠂ ᠬᠥᠮᠦᠰ ᠢ | ᠤᠷᠮᠠᠰᠢᠭᠤᠯᠤᠨ ᠤᠷᠤᠭᠰᠢᠯᠠᠭᠤᠯᠤᠨ᠎ᠠ ᠭᠡᠵᠦ ᠬᠡᠯᠡᠪᠡ᠃ ᠭᠡᠰᠢᠭᠦᠳ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ | ᠢᠲᠡᠭᠡᠯ ᠵᠣᠷᠢᠭ ᠢᠶᠠᠨ ᠬᠥᠪᠴᠢᠯᠡᠵᠦ᠂ ᠠᠷᠭᠠᠴᠠᠬᠤ ᠪᠣᠳᠣᠯᠭ᠎ᠠ ᠡᠷᠢᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠪᠠᠶᠢᠷᠢᠯᠠᠭᠤᠯᠤᠭᠰᠠᠨ ︽ᠵᠢᠷᠭᠤᠭᠠᠨ ᠠᠵᠢᠯᠯᠠᠭ᠎ᠠ︾ ᠶᠢᠨ ᠲᠣᠭᠤᠷᠢᠨ ᠳᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠲᠠᠷᠢᠶᠠᠯᠠᠩ ᠰᠣᠶᠣᠯ ᠵᠢᠭᠤᠯᠴᠢᠯᠠᠯ ᠬᠤᠳᠠᠯᠳᠤᠭ᠎ᠠ ᠶᠢ ᠠᠭᠤᠰᠤᠯᠴᠠᠭᠤᠯᠤᠨ | ᠬᠥᠭᠵᠢᠭᠦᠯᠬᠦ᠂ ᠭᠠᠳᠠᠭᠠᠳᠤ ᠠᠷᠠᠯᠵᠢᠶ᠎ᠠ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ᠂ ᠠᠵᠤ ᠦᠢᠯᠡᠰ ᠤᠨ | ᠬᠡᠯᠪᠡᠷᠢ ᠶᠢ ᠬᠤᠪᠢᠷᠠᠭᠤᠯᠬᠤ ᠵᠡᠷᠭᠡ ᠲᠠᠯ᠎ᠠ ᠪᠠᠷ ᠰᠣᠳᠣ ᠮᠡᠷᠭᠡᠨ ᠠᠷᠭ᠎ᠠ ᠤᠬᠠᠭᠠᠨ ᠭᠠᠷᠭᠠᠵᠤ᠂ ᠬᠥᠭᠵᠢᠯᠲᠡ ᠶᠢᠨ | ᠰᠠᠶᠢᠨ ᠠᠷᠭ᠎ᠠ ᠪᠣᠳᠣᠯᠭ᠎ᠠ ᠶᠢ ᠢᠯᠡᠭᠦᠬᠡᠨ ᠳᠡᠪᠰᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ | ᠬᠠᠶᠢᠨᠠᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ | ᠡᠷᠭᠦᠬᠦ ᠶᠢ ᠬᠦᠰᠡᠵᠦ ᠪᠠᠶᠢᠨ᠎ᠠ ᠬᠡᠵᠡᠢ᠃ ᠲᠣᠭᠤᠷᠢᠭ ᠤᠨ ᠤᠳᠤᠷᠢᠳᠤᠯᠭ᠎ᠠ ᠰᠢᠤᠢ ᠪᠢᠨ ᠣᠷᠣᠯᠴᠠᠪᠠ᠃ |