ᠯᠢᠦ ᠪᠦᠦ ᠴᠧᠩ ᠴᠠᠭᠠᠨ ᠰᠠᠷ᠎ᠠ ᠶᠢᠨ ᠬᠤᠭᠤᠴᠠᠭᠠᠨ ᠳᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠢ ᠪᠠᠶᠢᠴᠠᠭᠠᠨ ᠰᠤᠳᠤᠯᠬᠤ ᠶᠢᠨ ᠬᠠᠮᠲᠤ ᠲᠣᠬᠤᠨᠢᠭᠤᠯᠪᠠ
ᠨᠡᠶᠢᠲᠡᠯᠡᠭᠰᠡᠨ ᠴᠠᠭ᠄
2025/1/23
      1 ᠰᠠᠷ᠎ᠠ ᠶᠢᠨ 21 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ ᠴᠠᠭᠠᠨ ᠰᠠᠷ᠎ᠠ ᠶᠢᠨ ᠬᠤᠭᠤᠴᠠᠭᠠᠨ ᠳᠤ ᠠᠵᠤ ᠠᠬᠤᠶᠢᠯᠠᠯ ᠤᠨ ᠠᠶᠤᠯᠭᠦᠶ ᠦᠶ᠋ᠯᠡᠳᠪᠦᠷᠢᠯᠡᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠲᠣᠬᠤᠨᠢᠭᠤᠯᠬᠤ ᠠᠵᠢᠯ ᠥᠷᠨᠢᠭᠦᠯᠵᠦ᠂ ᠠᠵᠤ ᠠᠬᠤᠶᠢᠯᠠᠯ ᠤᠨ ᠥᠷᠭᠡᠨ ᠣᠯᠠᠨ ᠠᠵᠢᠯᠲᠠᠨ ᠠᠵᠢᠯᠴᠢᠨ ᠳᠤ ᠴᠠᠭᠠᠨ ᠰᠠᠷ᠎ᠠ ᠶᠢᠨ ᠮᠡᠨᠳᠦᠴᠢᠯᠡᠯ ᠪᠠ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃ ᠲᠣᠭᠤᠷᠢᠭ ᠤᠨ ᠤᠳᠤᠷᠢᠳᠤᠯᠭ᠎ᠠ ᠮᠠ ᠺᠠᠢ᠂ ᠯᠢᠦ ᠲᠢᠶᠠᠨ ᠴᠢᠩ ᠣᠷᠣᠯᠴᠠᠪᠠ᠃      ᠭᠦᠸᠧ ᠰᠢᠤᠸᠠᠨ ᠶᠢᠨ ᠳ᠋ᠦᠩ ᠯᠢ ᠰᠢᠨ᠎ᠡ ᠡᠨᠧᠷᠭᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠤᠸᠠ ᠾᠧᠩ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠭᠤᠸᠠᠩ ᠵᠢᠤᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠯᠢᠦ ᠪᠦᠦ ᠴᠧᠩ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠠᠵᠤ ᠠᠬᠤᠶᠢᠯᠠᠯ ᠤᠨ ᠬᠦᠴᠢᠷᠳᠡᠯ ᠵᠢᠴᠢ ᠬᠡᠷᠡᠭᠴᠡᠭᠡ ᠱᠠᠭᠠᠷᠳᠠᠯᠭ᠎ᠠ ᠶᠢ ᠰᠣᠨᠣᠰᠴᠤ᠂ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠠᠵᠤ ᠠᠬᠤᠶᠢᠯᠠᠯ ᠤᠨ ᠥᠷᠭᠡᠨ ᠣᠯᠠᠨ ᠠᠵᠢᠯᠲᠠᠨ ᠠᠵᠢᠯᠴᠢᠨ ᠳᠤ ᠲᠣᠬᠤᠨᠢᠭᠤᠯᠬᠤ ᠪᠣᠳᠠᠰ ᠪᠠ ᠴᠠᠭᠠᠨ ᠰᠠᠷ᠎ᠠ ᠶᠢᠨ ᠪᠠᠶᠠᠷ ᠤᠨ ᠡᠳᠦᠷ ᠤᠨ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃ ᠲᠡᠷᠡ᠂ ᠴᠠᠭᠠᠨ ᠰᠠᠷ᠎ᠠ ᠪᠣᠯᠬᠤ ᠭᠡᠵᠦ ᠪᠠᠶᠢᠭ᠎ᠠ ᠦᠶ᠎ᠡ ᠳᠤ᠂ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠵᠦ᠂ ᠠᠷᠠᠳ ᠤᠯᠠᠨ ᠤ ᠪᠠᠶᠠᠷ ᠪᠠᠶᠠᠰᠬᠤᠯᠠᠩ ᠲᠠᠢ᠂ ᠥᠯᠵᠡᠢ ᠪᠡᠯᠭᠡ ᠲᠠᠢ᠂ ᠠᠮᠤᠷ ᠲᠦᠪᠰᠢᠨ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠮᠡᠷᠭᠡᠵᠢᠯ ᠤᠨ ᠰᠢᠨ᠎ᠡ ᠶᠢ ᠡᠭᠦᠳᠬᠦ ᠬᠦᠴᠦᠨ᠂ ᠦᠢᠯᠡᠳᠬᠦᠨ ᠤ ᠦᠷᠢᠰᠦᠯᠳᠦᠬᠦ ᠬᠦᠴᠦᠨ ᠪᠣᠯᠤᠨ ᠵᠠᠬ᠎ᠠ ᠳᠡᠯᠭᠡᠭᠦᠷ ᠢ ᠡᠵᠡᠯᠡᠬᠦ ᠨᠤᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠨ᠎ᠡ ᠨᠢᠭᠡ ᠵᠢᠯ ᠳᠤ ᠨᠡᠩ ᠶᠡᠭᠡ ᠰᠢᠪᠲᠤᠯᠤᠯᠲᠠ ᠶᠢ ᠪᠡᠶᠡᠯᠡᠭᠦᠯᠵᠦ᠂ ᠬᠠᠶᠢᠨᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠵᠤ᠂ ᠠᠵᠤ ᠠᠬᠤᠶᠢᠯᠠᠯ ᠢ ᠰᠠᠨᠠᠭ᠎ᠠ ᠠᠮᠤᠷ᠂ ᠰᠠᠨᠠᠭ᠎ᠠ ᠠᠮᠤᠷ᠂ ᠲᠠᠭᠠᠯᠠᠮᠵᠢᠲᠠᠢ ᠬᠥᠭᠵᠢᠭᠦᠯᠬᠦ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号