ᠪᠠᠢ ᠴᠦᠨ ᠯᠸᠢ ᠴᠠᠭᠠᠨ ᠰᠠᠷ᠎ᠠ ᠠᠴᠠ ᠡᠮᠦᠨ᠎ᠡ ᠠᠵᠤ ᠠᠬᠤᠶᠢᠯᠠᠯ ᠢ ᠪᠣᠯᠭᠤᠭᠠᠨ ᠲᠣᠬᠤᠨᠢᠭᠤᠯᠬᠤ ᠶᠢᠨ ᠬᠠᠮᠲᠤ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2025/1/23
      1 ᠰᠠᠷ᠎ᠠ ᠶᠢᠨ 21 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠬᠤᠸᠠ ᠽᠢ ᠨᠡᠭᠦᠷᠡᠰᠦ ᠬᠡᠤᠷᠰᠢᠭᠦᠯᠬᠦ ᠬᠢᠵᠠᠭᠠᠷᠲᠤ ᠺᠣᠮᠫᠠᠨᠢ᠂ ᠬᠠᠶᠢᠷᠤᠪ ᠤᠨ ᠲᠣᠬᠤᠢ ᠶᠢᠨ ᠴᠠᠬᠢᠯᠭᠠᠨ ᠭᠠᠷᠭᠠᠬᠤ ᠦᠢᠯᠡᠳᠪᠦᠷᠢ᠂ ᠶᠠ ᠳ᠋ᠦᠩ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠷᠦᠩ ᠰᠢᠨ ᠡᠨᠧᠷᠭᠢ ᠶᠢᠨ ᠠᠵᠤ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠦ᠋ ᠬᠤᠸᠠ ᠠᠭᠤᠷᠬᠠᠶ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠵᠥᠩ ᠺᠧ ᠪᠦᠦ ᠴᠧᠩ ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠦ ᠪᠣᠯᠭᠤᠭᠠᠨ ᠲᠣᠬᠤᠨᠢᠭᠤᠯᠬᠤ ᠶᠢᠨ ᠬᠠᠮᠲᠤ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ᠃ ᠲᠣᠭᠤᠷᠢᠭ ᠤᠨ ᠤᠳᠤᠷᠢᠳᠤᠯᠭ᠎ᠠ ᠯᠢᠦ ᠲᠢᠶᠠᠨ ᠴᠢᠩ ᠣᠷᠣᠯᠴᠠᠪᠠ᠃      ᠡᠷᠬᠢᠨ ᠦᠵᠡᠵᠦ ᠲᠣᠬᠤᠨᠢᠭᠤᠯᠬᠤ ᠳᠤᠮᠳᠠ᠂ ᠪᠠᠢ ᠴᠦᠨ ᠯᠸᠢ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠳᠣᠲᠣᠨᠣ ᠪᠠᠷ ᠶᠠᠷᠢᠯᠴᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ ᠬᠥᠭᠵᠢᠯᠲᠡ ᠶᠢᠨ ᠲᠥᠯᠥᠪᠵᠢᠭᠦᠯᠭᠡ ᠵᠢᠴᠢ ᠣᠳᠣᠬᠠᠨ ᠳᠤ ᠲᠤᠯᠭᠠᠷᠠᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ ᠠᠵᠤ ᠠᠬᠤᠶᠢᠯᠠᠯ ᠳᠤ ᠰᠢᠨ᠎ᠡ ᠵᠢᠯ ᠤᠨ ᠮᠡᠨᠳᠦᠴᠢᠯᠡᠯ ᠳᠡᠪᠰᠢᠭᠦᠯᠵᠦ᠂ ᠠᠵᠤ ᠠᠬᠤᠶᠢᠯᠠᠯ ᠤᠨ ᠤᠷᠳᠤ ᠬᠤᠭᠤᠴᠠᠭᠠᠨ ᠤ ᠲᠤᠷᠰᠢ ᠬᠠᠶᠢᠨᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠨᠡᠮᠡᠷᠢᠯᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠡᠯ᠎ᠡ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠰᠢᠨ᠎ᠡ ᠨᠢᠭᠡ ᠵᠢᠯ ᠳᠤ ᠴᠢᠨᠠᠷ ᠰᠠᠶᠢᠲᠠᠶ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠵᠦ᠂ ᠮᠠᠨ ᠤ ᠲᠤᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠶᠢᠨ ᠬᠠᠮᠲᠤ ᠠᠵᠤ ᠠᠬᠤᠶᠢᠯᠠᠯ ᠢ ᠠᠶᠤᠯᠭᠦᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠵᠦ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢᠶᠠᠨ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠠᠶᠤᠯᠭᠦᠶ ᠦᠢᠯᠡᠳᠪᠦᠷᠢᠯᠡᠯ ᠤᠨ ᠠᠳᠡᠯ ᠭᠠᠷᠬᠤ ᠶᠢ ᠪᠦᠲᠦᠮᠵᠢᠲᠡᠶ ᠬᠤᠷᠢᠭᠯᠠᠵᠤ᠂ ᠠᠷᠠᠳ ᠣᠯᠠᠨ ᠤ ᠪᠠᠶᠠᠷ ᠬᠥᠷ ᠲᠠᠢ ᠥᠯᠵᠡᠶ ᠪᠡᠯᠭᠡ ᠲᠠᠢ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ ᠬᠠᠶᠢᠨᠠᠨ ᠲᠣᠭᠤᠷᠢᠭ ᠤᠨ ᠬᠢᠨ ᠪᠠᠰᠠ ᠥᠩᠭᠡᠷᠡᠭᠰᠡᠨ ᠲᠠᠢ ᠪᠠᠨ ᠠᠳᠠᠯᠢ ᠪᠠᠷ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠵᠦ᠂ ᠠᠵᠤ ᠠᠬᠤᠶᠢᠯᠠᠯ ᠢ ᠰᠠᠨᠠᠭ᠎ᠠ ᠠᠮᠤᠷ ᠰᠠᠭᠤᠷᠢᠰᠢᠭᠤᠯᠤᠨ᠎ᠠ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号