ᠷᠠᠰᠢᠵᠦ᠋ᠩ ᠵᠡᠭᠡᠯᠢ ᠭᠤᠳᠤᠮᠵᠢ ᠨᠠᠮ ᠤᠨ ᠠᠵᠢᠯ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠪᠣᠯᠤᠨ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠵᠡᠭᠡᠯᠢ ᠭᠤᠳᠤᠮᠵᠢ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/1/24
      1 ᠰᠠᠷ᠎ᠠ ᠶᠢᠨ 16 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠷᠠᠰᠢᠵᠦ᠋ᠩ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ᠱᠦᠵᠢ ᠵᠠᠩ ᠽᠧ ᠢᠦᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠶ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠬᠠᠶᠢᠨᠠᠨ ᠮᠤᠵᠢ ᠶᠢᠨ ᠨᠠᠮ ᠤᠨ ᠬᠤᠷᠢᠶ᠎ᠠ ᠪᠣᠯᠤᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ᠂ ᠮᠡᠳᠡᠭᠡ ᠵᠠᠩᠭᠢ ᠪᠠᠷ ᠴᠡᠷᠢᠭ ᠠᠩᠭᠢ ᠶᠢ ᠳᠡᠮᠵᠢᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠦᠨᠡᠨ︾ ᠰᠡᠳᠬᠦᠯ ᠳᠤ ᠨᠡᠶᠢᠲᠡᠯᠡᠭᠰᠡᠨ ︽ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠭᠦᠨᠵᠡᠭᠡᠶ ᠠᠬᠢᠭᠤᠯᠤᠶ᠎ᠠ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠪᠠ᠃ ᠵᠡᠭᠡᠯᠢ ᠭᠤᠳᠤᠮᠵᠢ ᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠵᠡᠭᠡᠯᠢ ᠭᠤᠳᠤᠮᠵᠢ ᠳᠡᠭᠡᠷ᠎ᠡ ᠳᠣᠣᠷ᠎ᠠ ᠱᠠᠲᠤ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠬᠤᠳᠠ ᠶᠢᠨ ᠨᠠᠮ ᠤᠨ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠳᠤᠬᠢᠷᠠᠭᠤᠯᠤᠯᠳᠠ ᠶᠣᠰᠣᠭᠠᠷ᠂ ᠤᠯᠠᠨ ᠲᠦᠮᠡᠨ ᠤ ᠲᠠᠯ᠎ᠠ ᠠᠴᠠ ᠡᠭᠦᠰᠬᠦ ᠶᠢ ᠢᠮᠠᠭᠲᠠ ᠪᠠᠷᠢᠮᠲᠠᠯᠠᠵᠤ᠂ ᠠᠷᠠᠳ ᠲᠦᠮᠡᠨ ᠤ ᠵᠣᠭᠰᠣᠯᠲᠠ ᠶᠢ ᠪᠠᠲᠤ ᠰᠠᠬᠢᠵᠤ᠂ ᠬᠦᠴᠦᠨ ᠢᠶᠠᠨ ᠲᠥᠪᠯᠡᠷᠡᠭᠦᠯᠦᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠠ ᠪᠣᠳᠠᠲᠠᠢ ᠶᠠᠪᠤᠳᠠᠯ ᠢ ᠰᠠᠶᠢᠲᠤᠷ ᠬᠢᠵᠦ᠂ ᠬᠠᠶᠢᠨᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠷᠠᠰᠢᠵᠦ᠋ᠩ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠵᠡᠭᠡᠯᠢ ᠭᠤᠳᠤᠮᠵᠢ ᠶᠢᠨ ᠪᠣᠳᠠᠲᠤ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠤᠨ ᠰᠠᠨᠠᠭᠠᠨ ᠳᠤ ᠨᠡᠶᠢᠴᠡᠭᠰᠡᠨ ᠤᠯᠠᠨ ᠶᠠᠩᠵᠤ ᠶᠢᠨ ᠦᠢᠯᠡᠴᠢᠯᠡᠭᠡᠨ ᠤ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ᠂ ᠨᠡᠶᠢᠭᠡᠮ ᠲᠣᠭᠤᠷᠢᠭ ᠤᠨ ᠠᠵᠤ ᠠᠬᠤᠢ ᠶᠢᠨ ᠡᠵᠡᠩᠨᠡᠯᠲᠡ ᠶᠢᠨ ᠬᠥᠭᠵᠢᠯᠲᠡ ᠶᠢᠨ ᠪᠦᠲᠦᠮᠵᠢᠲᠡᠢ ᠠᠷᠭ᠎ᠠ ᠬᠡᠮᠵᠢᠶ᠎ᠡ ᠶᠢ ᠭᠦᠨᠵᠡᠭᠡᠢ ᠰᠦᠪᠡᠭᠴᠢᠯᠡᠵᠦ᠂ ᠦᠨᠳᠦᠰᠦᠨ ᠱᠠᠲᠤᠨ ᠤ ᠵᠠᠰᠠᠯᠲᠠ ᠪᠠ ᠠᠵᠤ ᠠᠬᠤᠢ ᠶᠢᠨ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠠᠷᠠᠳ ᠤᠨ ᠠᠮᠢᠳᠤᠷᠠᠯ ᠤᠨ ᠪᠠᠶᠢᠭᠤᠯᠤᠯᠲᠠ ᠪᠠ ᠨᠡᠶᠢᠭᠡᠮ ᠤᠨ ᠵᠠᠰᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠮᠡᠳᠡᠭᠡ ᠵᠠᠩᠭᠢ ᠪᠠᠷ ᠴᠡᠷᠢᠭ ᠠᠩᠭᠢ ᠶᠢ ᠳᠡᠮᠵᠢᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠴᠡᠷᠢᠭ ᠡᠯᠰᠡᠬᠦ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠤᠬᠠᠭᠤᠯᠤᠨ ᠳᠠᠶᠢᠴᠢᠯᠠᠬᠤ ᠶᠢ ᠴᠢᠩᠭᠠᠳᠬᠠᠵᠤ᠂ ᠰᠠᠭᠤᠭᠠᠯᠢ ᠠᠷᠠᠳ ᠣᠯᠠᠨ ᠤ ᠣᠶᠢᠯᠠᠭᠠᠬᠤ ᠨᠣᠷᠮ᠎ᠠ᠂ ᠣᠷᠣᠯᠴᠠᠬᠤ ᠨᠣᠷᠮ᠎ᠠ ᠶᠢ ᠦᠨᠡᠨ ᠬᠦ ᠳᠡᠭᠡᠭᠰᠢᠯᠡᠭᠦᠯᠵᠦ᠂ ︽ᠬᠤᠶᠠᠷ ᠢ ᠬᠦᠷᠢᠶᠡᠯᠡᠬᠦ︾ ᠠᠵᠢᠯ ᠤᠨ ᠰᠠᠭᠤᠷᠢ ᠶᠢ ᠪᠠᠬᠢᠵᠢᠭᠦᠯᠵᠦ᠂ ᠴᠢᠨᠠᠷ ᠰᠠᠶᠢᠲᠠᠶ ᠨᠠᠮ ᠤᠨ ᠪᠠᠶᠢᠭᠤᠯᠤᠯᠲᠠ ᠪᠠᠷ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠴᠠᠭ ᠢᠮᠠᠭᠲᠠ ᠰᠠᠬᠢᠯᠭ᠎ᠠ ᠪᠠᠲᠤ ᠶᠢᠨ ᠤᠬᠠᠮᠰᠠᠷ ᠪᠣᠯᠤᠨ ᠶᠣᠰᠣ ᠲᠦᠷᠢᠮ ᠤᠨ ᠤᠬᠠᠮᠰᠠᠷ ᠢ ᠪᠠᠲᠤ ᠪᠤᠢ ᠪᠣᠯᠭᠠᠵᠤ᠂ ᠡᠯ᠎ᠡ ᠵᠦᠢᠯ ᠤᠨ ᠠᠵᠢᠯ ᠤᠨ ᠰᠠᠬᠢᠯᠭ᠎ᠠ ᠪᠠᠲᠤ ᠶᠢ ᠤᠬᠠᠮᠰᠠᠷ ᠠᠴᠠ ᠪᠠᠨ ᠵᠢᠷᠤᠮᠯᠠᠵᠤ᠂ ︽ᠬᠦᠯᠢᠶᠡᠵᠦ ᠳᠡᠶᠢᠯᠬᠦ ᠦᠭᠡᠢ︾ ᠲᠤᠯᠭᠠᠮ᠎ᠠ ᠰᠡᠳᠬᠢᠯᠭᠡ᠂ ︽ᠤᠳᠠᠭᠠᠰᠢᠷᠠᠭᠤᠯᠵᠤ ᠳᠡᠶᠢᠯᠬᠦ ᠦᠭᠡᠢ︾ ᠲᠦᠭᠰᠢᠭᠦᠷᠢᠲᠦ ᠰᠡᠳᠬᠢᠯᠭᠡ᠂ ︽ᠰᠠᠭᠤᠵᠤ ᠳᠡᠶᠢᠯᠬᠦ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠨᠡᠶᠢᠭᠡᠮ ᠤᠨ ᠵᠠᠰᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠶᠤᠯᠭᠦᠢ ᠦᠢᠯᠡᠳᠪᠦᠷᠢᠯᠡᠯ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ᠂ ᠡᠯ᠎ᠡ ᠵᠦᠢᠯ ᠤᠨ ᠠᠮᠤᠷ ᠲᠦᠪᠰᠢᠨ ᠤ ᠭᠡᠮ ᠰᠣᠭᠤᠭ ᠢ ᠰᠡᠷᠭᠡᠶᠢᠯᠡᠨ ᠠᠷᠢᠯᠭᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠠᠵᠢᠯ  ᠤᠨ ᠰᠤᠷᠲᠠᠯ  ᠢᠶᠠᠷ  ᠡᠯ᠎ᠡ  ᠵᠦᠢᠯ  ᠤᠨ ᠭᠤᠣᠯᠳᠠᠯᠭ᠎ᠠ ᠲᠠᠢ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号