1 ᠰᠠᠷ᠎ᠠ ᠶᠢᠨ 16 ᠤ ᠡᠳᠦᠷ᠂ ᠬᠦᠬᠤᠰᠣ ᠪᠠᠯᠭᠠᠰᠤᠨ ᠤ ᠨᠠᠮ ᠤᠨ ᠬᠤᠷᠢᠶ᠎ᠠ ᠤᠨᠤᠯ ᠰᠤᠷᠤᠯᠴᠠᠬᠤ ᠭᠤᠣᠯ | ᠳᠤᠭᠤᠶᠢᠯᠠᠩ ᠤᠨ 2025 ᠣᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ | 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢᠨ | ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠧ ᠸᠠᠨ | ᠯᠦᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ | ᠬᠤᠷᠠᠯ ᠳᠤ ᠣᠷᠣᠯᠴᠠᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ | ᠤᠯᠤᠰ ᠲᠦᠷᠦ ᠶᠢᠨ ᠲᠣᠪᠴᠢᠶᠠᠨ ᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠪᠠᠷ ︽ᠨᠢᠭᠡᠳᠦᠭᠡᠷ ᠵᠥᠪᠯᠡᠬᠦ ᠰᠡᠳᠦᠪ︾ ᠪᠣᠯᠭᠠᠵᠤ᠂ ᠶᠡᠷᠦᠩᠬᠡᠢ ᠱᠦᠵᠢ ᠰᠢ ᠶᠢᠨ | ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ ᠤᠨ ᠥᠪᠡᠷ ᠤᠨ ᠪᠡᠶ᠎ᠡ ᠳᠡᠭᠡᠨ | ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠵᠢᠴᠢ ᠲᠣᠭᠤᠷᠢᠨ ᠪᠠᠶᠢᠴᠠᠭᠠᠬᠤ ᠠᠵᠢᠯ ᠪᠣᠯᠤᠨ ᠨᠠᠮ ᠤᠨ | ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠵᠡᠷᠭᠡ | ᠠᠭᠤᠯᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ ᠰᠤᠷᠤᠯᠴᠠᠬᠤ ᠠᠭᠤᠯᠭ᠎ᠠ ᠲᠠᠢ ᠨᠢᠭᠲᠠ ᠤᠶᠠᠯᠳᠤᠭᠤᠯᠵᠤ᠂ | ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠠᠵᠢᠯ ᠤᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠡᠰ ᠳᠠᠷᠠᠭᠠᠯᠠᠨ ᠰᠤᠳᠤᠯᠤᠨ ᠶᠠᠷᠢᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠪᠣᠯ ᠨᠠᠮ ᠤᠨ ᠭᠡᠰᠢᠭᠦᠨ ᠤ ᠤᠯᠤᠰ ᠲᠦᠷᠦ ᠶᠢᠨ | ᠠᠮᠢᠳᠤᠷᠠᠯ ᠳᠠᠬᠢ ᠴᠢᠬᠤᠯᠠ ᠠᠭᠤᠯᠭ᠎ᠠ ᠮᠥᠨ᠂ ᠨᠠᠮ ᠤᠨ ᠳᠣᠲᠣᠭᠠᠳᠤ ᠶᠢᠨ ᠠᠷᠠᠳᠴᠢᠯᠠᠯ ᠢ ᠪᠠᠳᠠᠷᠠᠭᠤᠯᠬᠤ᠂ | ᠨᠠᠮ ᠤᠨ ᠳᠣᠲᠣᠭᠠᠳᠤ ᠶᠢᠨ ᠬᠢᠨᠠᠯᠲᠠ ᠶᠢ ᠴᠢᠩᠭᠠᠳᠬᠠᠬᠤ᠂ ᠤᠳᠤᠷᠢᠳᠬᠤ ᠪᠠᠭ ᠤᠨ ᠲᠤᠰ ᠪᠡᠶ᠎ᠡ ᠶᠢᠨ ᠬᠦᠴᠦᠨ ᠳᠤ | ᠲᠦᠰᠢᠭᠯᠡᠨ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠬᠦ ᠴᠢᠬᠤᠯᠠ ᠠᠷᠭ᠎ᠠ ᠬᠡᠯᠪᠡᠷᠢ ᠮᠥᠨ᠃ ᠪᠠᠯᠭᠠᠰᠤᠨ ᠤ | ᠤᠳᠤᠷᠢᠳᠬᠤ ᠪᠠᠭ ᠤᠨ ᠪᠦᠷᠢᠯᠳᠦᠬᠦᠨ ᠨᠡᠷ ᠤᠷᠢᠳᠠᠪᠠᠷ ᠰᠤᠷᠤᠯᠴᠠᠵᠤ᠂ ᠨᠢᠭᠡ ᠳᠠᠪᠬᠤᠷᠭ᠎ᠠ ᠶᠢ ᠭᠦᠨᠵᠡᠭᠡᠶ | ᠰᠤᠷᠤᠯᠴᠠᠵᠤ᠂ ᠨᠢᠭᠡ ᠬᠤᠪᠢ ᠶᠢ ᠢᠯᠡᠭᠦᠬᠡᠨ ᠣᠶᠢᠯᠠᠭᠠᠵᠤ᠂ ᠳᠡᠭᠡᠳᠦ ᠱᠠᠲᠤ ᠨᠢ ᠳᠣᠤᠷᠠᠳᠤ ᠱᠠᠲᠤ ᠪᠠᠨ | ᠳᠠᠭᠠᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠪᠠᠯᠭᠠᠰᠤᠨ ᠤ ᠨᠠᠮ ᠤᠨ ᠭᠡᠰᠢᠭᠦᠨ | ᠺᠠᠳ᠋ᠷᠴᠤᠳ ᠤᠨ ᠦᠵᠡᠯ ᠰᠠᠨᠠᠭ᠎ᠠ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠦᠵᠡᠯ ᠰᠠᠨᠠᠭ᠎ᠠ ᠪᠠᠨ | ᠬᠡᠷᠡᠭᠯᠡᠬᠦ ᠶᠢ ᠳᠠᠶᠢᠴᠢᠯᠠᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ | ᠮᠡᠳᠡᠬᠦ᠂ ᠰᠠᠬᠢᠯᠭ᠎ᠠ ᠪᠠᠲᠤ ᠶᠢ ᠰᠠᠬᠢᠬᠤ ᠶᠢ ᠴᠥᠬᠦᠷᠡᠰᠢ ᠥᠬᠡᠶ ᠪᠠᠷᠢᠮᠲᠠᠯᠠᠬᠤ ᠬᠡᠷᠡᠭᠲᠡᠶ᠃ | ᠬᠤᠷᠠᠯ ᠠᠴᠠ᠂ ᠪᠦᠬᠦ ᠪᠠᠯᠭᠠᠰᠤ ᠪᠠᠷ ᠢᠶᠠᠨ ᠤᠨᠤᠯ ᠢᠶᠠᠷ ᠵᠡᠪᠰᠡᠭᠯᠡᠬᠦ ᠶᠢ ᠪᠠᠶᠢᠩᠭᠤᠵᠢᠭᠤᠯᠬᠤ ᠶᠢ ᠪᠠᠷᠢᠮᠲᠠᠯᠠᠬᠤ | ᠬᠡᠷᠡᠭᠲᠡᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ | ᠦᠭᠡᠢ ᠪᠠᠷᠢᠮᠲᠠᠯᠠᠵᠤ᠂ ᠤᠭ ᠵᠣᠬᠢᠶᠠᠯ ᠢ ᠤᠩᠰᠢᠵᠤ ᠤᠭ ᠵᠣᠬᠢᠶᠠᠯ ᠠᠴᠠ ᠰᠤᠷᠤᠯᠴᠠᠵᠤ ᠤᠭ ᠶᠣᠰᠣ ᠶᠢ ᠨᠢ | ᠣᠶᠢᠯᠠᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ᠂ ᠭᠤᠣᠯ ᠠᠭᠤᠯᠭ᠎ᠠ | ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠰᠢᠰᠲ᠋ᠧᠮ ᠲᠠᠢ ᠡᠵᠡᠮᠳᠡᠵᠦ᠂ ᠰᠤᠷᠤᠯᠴᠠᠬᠤ ᠰᠡᠳᠬᠢᠬᠦ ᠬᠡᠷᠡᠭᠯᠡᠬᠦ ᠶᠢ | ᠤᠶᠠᠯᠳᠤᠭᠤᠯᠬᠤ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠪᠡᠶᠡᠯᠡᠭᠦᠯᠬᠦ ᠬᠡᠷᠡᠭᠲᠡᠢ᠃ ᠤᠯᠤᠰ ᠲᠥᠷᠥ ᠶᠢᠨ | ᠬᠤᠷᠴᠠ ᠰᠡᠷᠭᠡᠭ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠯᠤᠰ ᠲᠦᠷᠦ ᠶᠢᠨ ᠲᠠᠷᠢᠬᠢ | ᠲᠣᠯᠣᠭᠠᠶ ᠪᠠᠨ ᠢᠮᠠᠭᠲᠠ ᠰᠡᠷᠭᠡᠭ ᠪᠠᠶᠢᠯᠭᠠᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ | ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠰᠠᠨᠠᠭᠠᠰᠢᠷᠠᠨ | ᠵᠣᠪᠠᠨᠢᠬᠤ ᠤᠬᠠᠮᠰᠠᠷ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠢᠮᠠᠭᠲᠠ ᠪᠠᠲᠤᠯᠠᠵᠤ᠂ ᠪᠠᠶᠢᠯᠳᠤᠬᠤ | ᠪᠤᠳᠤᠯᠭ᠎ᠠ ᠶᠢᠨ ᠰᠡᠳᠬᠢᠬᠦᠢ᠂ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ | ᠨᠠᠮ ᠤᠨ ᠰᠢᠨ᠎ᠡ ᠶᠢ ᠡᠭᠦᠳᠬᠦ ᠤᠨᠤᠯ ᠢᠶᠠᠷ ᠰᠢᠨ᠎ᠡ ᠪᠠᠶᠢᠳᠠᠯ ᠢ ᠠᠵᠢᠭᠯᠠᠵᠤ᠂ ᠰᠢᠨ᠎ᠡ ᠪᠠᠶᠢᠳᠠᠯ ᠢ ᠰᠤᠳᠤᠯᠵᠤ᠂ ᠰᠢᠨ᠎ᠡ | ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠲᠥᠪ ᠴᠢᠩᠭ᠎ᠠ ᠭᠤᠣᠯ ᠬᠥᠭ ᠠᠶᠠᠰ ᠢ ᠢᠮᠠᠭᠲᠠ ᠪᠠᠷᠢᠮᠲᠠᠯᠠᠬᠤ ᠬᠡᠷᠡᠭᠲᠡᠢ᠃ | ᠶᠡᠷᠦᠩᠬᠡᠢ ᠱᠦᠵᠢ ᠰᠢ ᠶᠢᠨ ᠫᠢᠩ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠲᠤᠰᠬᠠᠢ | ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠵᠢᠴᠢ | ᠬᠤᠷᠢᠳᠤᠭᠠᠷ ᠬᠤᠭᠤᠴᠠᠭᠠᠨ ᠤ ᠲᠦᠷᠦ ᠶᠢᠨ ᠰᠠᠬᠢᠯᠭ᠎ᠠ ᠪᠠᠲᠤ ᠪᠠᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠠ | ᠬᠤᠷᠠᠯ ᠳᠡᠭᠡᠷᠡᠬᠢ ᠵᠣᠷᠢᠭ ᠰᠠᠨᠠᠭ᠎ᠠ ᠶᠢ ᠭᠦᠨᠵᠡᠭᠡᠢ ᠣᠢᠯᠠᠭᠠᠵᠤ᠂ ᠣᠬᠠᠮᠰᠡᠷ ᠠᠴᠠ ᠪᠠᠨ ᠴᠢᠩᠭᠠᠳᠭᠠᠵᠤ᠂ | ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠲᠤᠪᠦ᠋ᠮᠠ ᠰᠠᠢᠲᠤᠷ ᠠᠳᠭᠤᠵᠤ᠂ ᠰᠤᠷᠲᠠᠯ ᠢ ᠲᠥᠪ ᠪᠣᠯᠭᠠᠨ | ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠭᠦᠢ ᠴᠢᠩᠭᠠᠳᠭᠠᠵᠤ᠂ ᠲᠥᠪ ᠴᠢᠩᠭ᠎ᠠ ᠦᠨᠳᠦᠰᠦᠨ | ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠭᠤᠯ ᠢ ᠦᠨᠡᠨ ᠬᠦ ᠤᠷᠳᠤ ᠬᠤᠭᠤᠴᠠᠭ᠎ᠠ ᠪᠠᠷ | ᠪᠠᠷᠢᠮᠲᠠᠯᠠᠵᠤ᠂ ᠨᠠᠮ ᠤᠨ ᠠᠭᠤᠤ ᠶᠡᠭᠡ ᠥᠪᠡᠷ ᠤᠨ ᠪᠡᠶ᠎ᠡ ᠲᠡᠭᠡᠨ ᠬᠤᠪᠢᠰᠭᠠᠯ ᠬᠢᠵᠦ ᠬᠤᠷᠠᠯ ᠠᠴᠠ ᠡᠮᠦᠨᠡᠬᠢ | ᠪᠦᠬᠦ ᠲᠠᠯ᠎ᠠ ᠶᠢᠨ ᠪᠡᠯᠡᠳᠬᠡᠯ ᠢ ᠪᠣᠳᠠᠲᠠᠶᠢᠵᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠨᠠᠷᠢᠨ ᠬᠢᠨᠠᠮᠠᠭᠠᠶ ᠰᠤᠷᠤᠯᠴᠠᠨ ᠰᠤᠳᠤᠯᠵᠤ᠂ ᠰᠡᠳᠬᠢᠯ ᠤᠨ ᠦᠭᠡ ᠪᠠᠨ ᠶᠠᠷᠢᠯᠴᠠᠵᠤ᠂ ᠠᠰᠠᠭᠤᠳᠠᠯ ᠢ | ᠶᠠᠷᠢᠯᠴᠠᠵᠤ᠂ ᠦᠵᠡᠯ ᠰᠠᠨᠠᠭ᠎ᠠ ᠪᠠᠨ ᠨᠡᠪᠲᠡᠷᠡᠯᠴᠡᠭᠦᠯᠵᠦ᠂ ᠰᠠᠨᠠᠯ ᠢᠶᠠᠨ ᠪᠣᠳᠠᠲᠠᠶ ᠶᠠᠷᠢᠵᠤ᠂ ᠴᠢᠭᠯᠡᠯ ᠢᠶᠠᠨ | ᠰᠠᠶᠢᠵᠢᠷᠠᠭᠤᠯᠬᠤ ᠲᠠᠯ᠎ᠠ ᠪᠠᠷ ᠲᠣᠳᠣᠷᠬᠠᠶ ᠶᠠᠷᠢᠵᠤ᠂ ᠪᠤᠷᠤᠭᠤ ᠣᠶᠢᠯᠠᠭᠠᠯᠲᠠ ᠶᠢ ᠬᠠᠮᠤᠭ ᠤᠨ ᠶᠡᠭᠡ ᠬᠡᠮᠵᠢᠶ᠎ᠡ ᠪᠠᠷ | ᠠᠷᠢᠯᠭᠠᠵᠤ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠬᠦ ᠬᠡᠷᠡᠭᠲᠡᠶ᠃ ︽ᠳᠥᠷᠪᠡ ᠶᠢ ᠳᠠᠭᠠᠭᠤᠯᠬᠤ︾ ᠳᠤ | ᠠᠩᠬᠠᠷᠤᠯ ᠢᠶᠠᠨ ᠲᠥᠪᠯᠡᠷᠡᠭᠦᠯᠵᠦ᠂ ᠲᠣᠰ ᠪᠡᠶ᠎ᠡ ᠶᠢᠨ ᠣᠷᠣᠰᠢᠵᠤ ᠪᠠᠶᠢᠭ᠎ᠠ ᠠᠰᠠᠭᠤᠳᠠᠯ ᠢᠶᠠᠨ ᠭᠦᠨᠵᠡᠭᠡᠶ ᠪᠠᠶᠢᠴᠠᠭᠠᠨ | ᠳᠡᠯᠭᠡᠬᠦ ᠪᠠ ᠡᠮᠬᠢᠯᠡᠵᠦ᠂ ᠰᠢᠯᠲᠠᠭᠠᠨ ᠢ ᠭᠦᠨᠵᠡᠭᠡᠶ ᠵᠠᠳᠠᠯᠬᠤ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠲᠥᠰᠦᠯ | ᠳᠤᠷᠠᠳᠴᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ | ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠢᠨᠠᠷ ᠰᠠᠶᠢᠲᠠᠢ᠂ ᠰᠢᠨ᠎ᠡ ᠪᠠᠶᠢᠳᠠᠯ ᠭᠠᠷᠭᠠᠬᠤ ᠶᠢ ᠪᠠᠲᠤᠯᠠᠬᠤ | ᠬᠡᠷᠡᠭᠲᠡᠢ ᠭᠡᠵᠡᠢ᠃ |