ᠭᠦᠬᠤᠰᠣ ᠪᠠᠯᠭᠠᠰᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ 123 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/24
      1 ᠰᠠᠷ᠎ᠠ ᠶᠢᠨ 16 ᠤ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠧ ᠸᠠᠨ ᠯᠦᠩ ᠬᠦᠬᠤᠰᠤ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ 123 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠴᠢᠬᠤᠯᠠ ᠥᠭᠦᠯᠡᠯᠲᠡ ᠶᠢ ᠲᠥᠪᠯᠡᠷᠡᠭᠦᠯᠦᠨ ᠰᠤᠷᠤᠯᠴᠠᠵᠤ᠂ ︽ᠦᠨᠡᠨ︾ ᠰᠡᠳᠬᠦᠯ ᠤᠨ 2025 ᠣᠨ ᠤ 1 ᠳ᠋ᠤᠭᠡᠷ ᠬᠤᠭᠤᠴᠠᠭᠠᠨ ᠳᠤ ᠨᠡᠶᠢᠲᠡᠯᠡᠭᠰᠡᠨ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ︾ ᠭᠡᠬᠦ ᠴᠢᠬᠤᠯᠠ ᠵᠣᠬᠢᠶᠠᠯ ᠢ ᠲᠥᠪᠯᠡᠷᠡᠭᠦᠯᠦᠨ ᠰᠤᠷᠤᠯᠴᠠᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠪᠠᠯᠭᠠᠰᠤᠨ ᠤ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠪᠦᠬᠦ ᠪᠠᠯᠭᠠᠰᠤ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠡᠵᠡᠮᠳᠡᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠪᠣᠯᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂  ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ︽ᠰᠡᠭᠦᠯᠴᠢ ᠶᠢᠨ ᠬᠠᠭᠠᠰ ᠵᠣᠬᠢᠶᠠᠯ︾ ᠤᠨ ᠦᠵᠡᠯ ᠰᠠᠨᠠᠭ᠎ᠠ ᠲᠠᠨᠢᠯᠲᠠ ᠶᠢ ᠭᠦᠨᠵᠡᠭᠡᠢ ᠰᠠᠶᠢᠲᠤᠷ ᠬᠢᠬᠦ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠤᠬᠠᠶ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠤᠮᠳᠠᠳᠤ ᠤᠯᠤᠰ ᠤᠨ ᠣᠨᠴᠠᠯᠢᠭ᠂ ᠮᠥᠨ ᠴᠢᠨᠠᠷ ᠤᠨ ᠱᠠᠭᠠᠷᠳᠠᠯᠭ᠎ᠠ᠂ ᠴᠢᠬᠤᠯᠠ ᠶᠡᠭᠡ ᠵᠠᠷᠴᠢᠮ ᠢ ᠣᠨᠣᠪᠴᠢᠲᠠᠶ ᠡᠵᠡᠮᠳᠡᠵᠦ᠂ ᠬᠦᠬᠤᠰᠣ ᠪᠠᠯᠭᠠᠰᠤᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠬᠠᠭᠤᠳᠠᠰᠤ ᠶᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ᠃      ᠬᠤᠷᠠᠯ ᠠᠴᠠ᠂ ᠪᠦᠬᠦ ᠪᠠᠯᠭᠠᠰᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠵᠥᠪ ᠡᠷᠬᠡ ᠶᠢᠨ ᠦᠵᠡᠯᠲᠡ᠂ ᠠᠵᠢᠯ ᠤᠨ ᠪᠦᠲᠦᠮᠵᠢ ᠶᠢᠨ ᠦᠵᠡᠯᠲᠡ ᠶᠢ ᠪᠤᠢ ᠪᠣᠯᠭᠠᠬᠤ ᠬᠡᠷᠡᠭᠲᠡᠢ᠃ ᠬᠠᠷᠢᠭᠤᠴᠠᠯᠭ᠎ᠠ ᠶᠢᠨ ᠬᠡᠯᠬᠢᠶ᠎ᠡ ᠶᠢ ᠪᠣᠳᠠᠲᠠᠶᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠳᠦᠷᠢᠮ ᠤᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ ᠪᠠᠶᠢᠭᠠᠳ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠲᠠᠷᠢᠬᠢ ᠲᠣᠯᠣᠭᠠᠶ ᠪᠠᠨ ᠴᠠᠭ ᠢᠮᠠᠭᠲᠠ ᠰᠡᠷᠭᠡᠭ ᠪᠠᠶᠢᠯᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠵᠢᠴᠢ ᠲᠤᠭᠤᠷᠢᠭ ᠤᠨ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠦᠵᠡᠯ ᠰᠠᠨᠠᠭᠠᠨ ᠤ ᠲᠠᠯ᠎ᠠ ᠪᠠᠷ ᠬᠠᠮᠲᠤ ᠶᠢᠨ ᠲᠠᠨᠢᠯᠲᠠ ᠲᠠᠢ ᠪᠤᠯᠵᠤ᠂ ᠠᠵᠢᠯ ᠤᠨ ᠲᠠᠯ᠎ᠠ ᠪᠠᠷ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ 2025 ᠣᠨ ᠳᠤ ᠰᠠᠶᠢᠨ ᠡᠬᠢᠯᠡᠯᠲᠡ ᠲᠠᠢ ᠪᠣᠯᠬᠤ ᠳᠤ ᠤᠯᠤᠰ ᠲᠦᠷᠦ ᠶᠢᠨ ᠰᠠᠭᠤᠷᠢ ᠶᠢ ᠲᠠᠯᠪᠢᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号