1 ᠰᠠᠷ᠎ᠠ ᠶᠢᠨ 21 ᠤ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠭᠧ ᠸᠠᠨ ᠯᠦᠩ ᠬᠦᠬᠤᠰᠣ | ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ 124 ᠳ᠋ᠦ᠋ᠭᠡᠷ ᠤᠳᠠᠭᠠᠨ ᠤ ︵ᠥᠷᠭᠡᠳᠬᠡᠭᠰᠡᠨ︶ | ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ | ᠥᠪᠡᠷᠲᠡᠭᠡᠨ ᠵᠠᠰᠠᠬᠤ ᠣᠷᠣᠨ᠂ ᠦᠬᠠᠶ ᠬᠤᠲᠠ᠂ ᠬᠠᠶᠢᠨᠠᠨ ᠲᠣᠭᠤᠷᠢᠭ ᠤᠨ ︽ᠬᠤᠶᠠᠷ ᠬᠤᠷᠠᠯ︾ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠪᠠᠯᠭᠠᠰᠤᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠪᠦᠬᠦ ᠪᠠᠯᠭᠠᠰᠤ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ | ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠳᠡᠭᠡᠷᠡᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ | ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠶᠢᠯᠠᠯᠳᠤᠭᠠᠨ᠂ ᠶᠡᠷᠦᠩᠬᠡᠢ ᠳᠠᠶᠢᠯᠠᠯᠳᠤᠭᠠᠨ ᠢ | ᠡᠷᠡᠰ ᠰᠠᠶᠢᠲᠤᠷ ᠬᠢᠵᠦ᠂ ᠮᠠᠨ ᠤ ᠪᠠᠯᠭᠠᠰᠤᠨ ᠤ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠥᠨᠳᠥᠷ | ᠲᠦᠪᠰᠢᠨ ᠢᠶᠠᠷ ᠠᠬᠢᠭᠤᠯᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ ᠡᠭᠦᠨ ᠤ ᠬᠠᠮᠲᠤ᠂ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠥ ᠶᠢᠨ | ᠡᠭᠦᠷᠭᠡ ᠪᠣᠯᠭᠠᠵᠤ᠂ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠵᠤ᠂ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ | ᠰᠤᠷᠤᠯᠴᠠᠵᠤ ᠬᠡᠷᠡᠭᠯᠡᠬᠦ ᠶᠢ ᠤᠶᠠᠯᠳᠤᠭᠤᠯᠤᠨ᠂ ᠮᠠᠨ ᠤ ᠪᠠᠯᠭᠠᠰᠤᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠲᠣᠰ | ᠲᠣᠰ ᠤᠨ ᠠᠵᠢᠯ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠪᠣᠳᠠᠲᠠᠶ ᠲᠤᠤᠱᠯᠠᠭᠤᠯᠬᠤ ᠠᠷᠭ᠎ᠠ | ᠬᠡᠮᠵᠢᠶ᠎ᠡ ᠶᠢ ᠨᠠᠷᠢᠨ ᠬᠢᠨᠠᠮᠠᠭᠠᠶ ᠲᠥᠯᠥᠪᠵᠢᠭᠦᠯᠵᠦ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠬᠡᠪ ᠢᠶᠠᠷ ᠨᠢ | ᠰᠠᠶᠢᠲᠤᠷ ᠠᠳᠬᠤᠵᠤ᠂ 2025 ᠣᠨ ᠤ ᠮᠠᠨ ᠤ ᠪᠠᠯᠭᠠᠰᠤᠨ ᠤ ᠡᠯ᠎ᠡ ᠵᠦᠢᠯ ᠤᠨ ᠠᠵᠢᠯ ᠢ ᠰᠠᠶᠢᠲᠤᠷ ᠡᠬᠢᠯᠡᠭᠦᠯᠵᠦ᠂ | ︽ᠪᠡᠷᠬᠡ ᠰᠡᠳᠦᠪ ᠢ ᠰᠢᠢᠳᠪᠦᠷᠢᠯᠡᠬᠦ ᠣᠨ︾ ᠤ ᠢᠯᠠᠯᠲᠠ ᠶᠢ ᠡᠷᠡᠰ ᠲᠡᠮᠡᠴᠡᠨ ᠤᠯᠬᠤ ᠬᠡᠷᠡᠭᠲᠡᠶ᠃ | ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ︽ᠨᠢᠭᠡ ᠭᠤᠣᠯ ᠰᠢᠵᠢᠮ ᠢ | ᠲᠤᠤᠱᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ | ᠪᠠᠳᠠᠷᠠᠭᠤᠯᠵᠤ᠂ ᠰᠢᠨ᠎ᠡ ᠵᠠᠮ ᠢᠶᠠᠷ ᠳᠤᠮᠳᠠᠳᠤ ᠤᠷᠤᠰᠬᠠᠯ ᠤᠨ ᠠᠶᠠᠯᠠᠯ ᠳᠤ ᠤᠷᠤᠭᠰᠢᠯᠠᠬᠤ︾ ᠭᠤᠣᠯ ᠡᠭᠦᠷᠭᠡ ᠵᠢᠴᠢ | ᠦᠬᠠᠢ ᠬᠤᠳᠠ᠂ ᠬᠠᠶᠢᠨᠠᠨ ᠲᠣᠭᠤᠷᠢᠭ ᠤᠨ ᠠᠵᠢᠯ ᠤᠨ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠠᠬᠢᠭᠤᠯᠬᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ | ᠬᠡᠷᠡᠭᠵᠢᠭᠦᠯᠬᠦ ᠶᠢᠨ ᠲᠣᠭᠤᠷᠢᠨ ᠳᠤ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ | ︽ᠬᠤᠶᠠᠷ ᠬᠤᠷᠠᠯ︾ ᠳᠤ ᠳᠤᠷᠠᠳᠤᠭᠰᠠᠨ ᠰᠢᠨ᠎ᠡ ᠬᠠᠷᠠᠯᠲᠠ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠶᠢ ᠪᠦᠬᠦ | ᠲᠠᠯ᠎ᠠ ᠪᠠᠷ ᠣᠨᠣᠪᠴᠢᠲᠠᠢ ᠡᠵᠡᠮᠳᠡᠵᠦ᠂ ᠪᠦᠬᠦ ᠪᠠᠯᠭᠠᠰᠤᠨ ᠤ ᠬᠥᠭᠵᠢᠯᠲᠡ ᠶᠢᠨ ᠶᠡᠭᠡ ᠲᠠᠯ᠎ᠠ ᠳᠤ ᠰᠠᠭᠤᠷᠢᠯᠠᠵᠤ᠂ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ | ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ᠂ ᠬᠥᠮᠦᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠦᠨᠳᠦᠰᠦᠨ ᠱᠠᠲᠤᠨ ᠤ ᠵᠠᠰᠠᠯᠲᠠ ᠵᠡᠷᠭᠡ ᠭᠤᠣᠯᠳᠠᠯᠭ᠎ᠠ ᠲᠠᠢ | ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠤᠨᠢᠨ ᠳᠡᠭᠡᠷ᠎ᠡ ᠨᠢ ᠬᠦᠴᠦᠯᠡᠵᠦ᠂ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠬᠦ ᠬᠡᠷᠡᠭᠲᠡᠢ᠃ | ᠬᠤᠷᠠᠯ ᠠᠴᠠ ᠱᠠᠭᠠᠷᠳᠠᠭᠰᠠᠨ ᠨᠢ᠂ ᠪᠦᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷ ᠦᠵᠡᠯ ᠰᠠᠨᠠᠭ᠎ᠠ | ᠲᠠᠨᠢᠯᠲᠠ ᠪᠠᠨ ᠳᠡᠭᠡᠭᠰᠢᠯᠡᠭᠦᠯᠵᠦ᠂ ᠥᠪᠡᠷ ᠤᠨ ᠪᠠᠶᠢᠷᠢ ᠲᠣᠭᠲᠠᠭᠠᠯᠲᠠ ᠪᠠᠨ ᠲᠣᠳᠣᠷᠬᠠᠶᠢᠯᠠᠵᠤ᠂ ᠥᠪᠡᠷ ᠢ ᠪᠠᠨ | ᠴᠢᠩᠭ᠎ᠠ ᠱᠠᠭᠠᠷᠳᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠣᠯᠤᠨ ᠯᠠᠪᠳᠠᠭᠤᠨ ᠪᠠᠲᠤᠲᠠᠢ ᠰᠤᠷᠲᠠᠯ ᠢᠶᠠᠷ ᠳᠠᠷᠤᠯᠲᠠ | ᠥᠭᠴᠦ ᠡᠷᠡᠯᠬᠡᠭᠯᠡᠨ ᠤᠷᠤᠭᠰᠢᠯᠠᠵᠤ᠂ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠡᠭᠦᠷᠭᠡ ᠪᠠᠨ ᠠᠳᠬᠤᠵᠤ᠂ | ᠨᠡᠩ ᠲᠥᠪ ᠴᠢᠩᠭ᠎ᠠ ᠰᠠᠬᠢᠯᠭ᠎ᠠ ᠪᠠᠲᠤ᠂ ᠨᠡᠩ ᠴᠢᠩᠭ᠎ᠠ ᠪᠠᠷᠢᠮᠵᠢᠶ᠎ᠠ ᠪᠠᠷ ᠮᠠᠨ ᠤ ᠪᠠᠯᠭᠠᠰᠤᠨ ᠤ ᠡᠯ᠎ᠡ ᠵᠦᠢᠯ ᠤᠨ | ᠠᠵᠢᠯ ᠢ ᠰᠠᠶᠢᠲᠤᠷ ᠠᠳᠬᠤᠵᠤ᠂ ᠦᠨᠡᠨᠬᠦ ᠠᠵᠢᠯ ᠤᠨ ᠲᠠᠯ᠎ᠠ ᠪᠠᠷ ᠬᠡᠷᠡᠭᠯᠡᠵᠦ᠂ ᠤᠶᠤᠨ ᠤᠬᠠᠭᠠᠨ ᠢᠶᠠᠨ | ᠬᠥᠭᠵᠢᠯᠲᠡ ᠶᠢ ᠠᠬᠢᠭᠤᠯᠬᠤ ᠳᠡᠭᠡᠷ᠎ᠡ ᠬᠡᠷᠡᠭᠯᠡᠵᠦ᠂ ᠤᠶᠤᠨ ᠴᠢᠳᠠᠯ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠬᠤ | ᠳᠡᠭᠡᠷ᠎ᠡ ᠲᠠᠯᠪᠢᠵᠤ᠂ ᠮᠠᠨ ᠤ ᠲᠤᠭᠤᠷᠢᠭ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠴᠢᠷᠮᠠᠶᠢᠨ | ᠪᠢᠴᠢᠭᠯᠡᠬᠦ ᠳᠤ ᠬᠦᠬᠤᠰᠣ ᠬᠠᠷᠢᠭᠤᠴᠠᠯᠭ᠎ᠠ ᠡᠭᠦᠷᠭᠡᠯᠡᠬᠦ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |