1 ᠰᠠᠷ᠎ᠠ ᠶᠢᠨ 20 ᠤ ᠡᠳᠦᠷ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠰᠢᠤᠢ ᠪᠢᠨ ᠣᠨᠣᠯ ᠰᠤᠷᠤᠯᠴᠠᠬᠤ ᠭᠤᠤᠯ | ᠳᠤᠭᠤᠶᠢᠯᠠᠩ ᠤᠨ 2025 ᠣᠨ ᠤ ᠨᠢᠭᠡᠳᠦᠭᠡᠷ ᠤᠳᠠᠭᠠᠨ ᠤ ︵ᠥᠷᠭᠡᠳᠬᠡᠭᠰᠡᠨ︶ ᠬᠠᠮᠲᠤ ᠶᠢᠨ ᠰᠤᠷᠤᠯᠴᠠᠯᠭ᠎ᠠ ᠶᠢᠨ | ᠬᠤᠷᠠᠯ ᠵᠢᠴᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠶᠠᠷᠢᠯᠴᠠᠵᠤ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠨ | ᠬᠤᠷᠠᠯᠳᠤᠭᠤᠯᠵᠤ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ | ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ | ᠦᠵᠡᠯ ᠰᠠᠨᠠᠭ᠎ᠠ᠂ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ | ᠠᠮᠢᠳᠤᠷᠠᠯ ᠤᠨ ᠬᠤᠷᠠᠯ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ | ᠪᠠᠶᠢᠭᠤᠯᠤᠭᠳᠠᠭᠰᠠᠨ 75 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠪᠣᠯᠤᠨ ︽ᠦᠨᠡᠨ︾ ᠰᠡᠳᠬᠦᠯ ᠳᠤ ᠨᠡᠶᠢᠲᠡᠯᠡᠭᠰᠡᠨ ᠴᠢᠬᠤᠯᠠ ᠵᠣᠬᠢᠶᠠᠯ᠂ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠵᠡᠷᠭᠡ ᠨᠠᠮ ᠤᠨ ᠳᠣᠲᠣᠭᠠᠳᠤ ᠶᠢᠨ ᠬᠠᠤᠯᠢ | ᠲᠣᠭᠲᠠᠭᠠᠯ ᠲᠦᠷᠢᠮ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ ︽ᠪᠦᠬᠦ | ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ | ᠲᠤᠬᠠᠢ ᠰᠠᠨᠠᠯ︾ ᠵᠢᠴᠢ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯ᠂ ᠦᠬᠠᠢ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ | ᠠᠷᠪᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠤᠨ ᠬᠤᠯᠪᠣᠭᠳᠠᠯ ᠪᠦᠬᠦᠢ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠬᠤ ᠶᠢᠨ ᠬᠠᠮᠲᠤ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ | ᠦᠵᠡᠯ ᠰᠠᠨᠠᠭ᠎ᠠ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠵᠢᠴᠢ | ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ | ᠥᠭᠦᠯᠡᠯᠲᠡ ᠶᠢᠨ ᠲᠣᠭᠤᠷᠢᠨ ᠳᠤ ᠰᠤᠷᠤᠯᠴᠠᠨ ᠰᠤᠳᠤᠯᠤᠨ ᠶᠠᠷᠢᠯᠴᠠᠪᠠ᠃ | ᠬᠤᠷᠠᠯ ᠠᠴᠠ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ | ᠨᠠᠮᠴᠢ ᠴᠢᠨᠠᠷ ᠢ ᠲᠠᠰᠤᠷᠠᠯᠲᠠ ᠦᠭᠡᠢ ᠳᠠᠪᠲᠠᠨ ᠪᠣᠯᠪᠠᠰᠤᠷᠠᠭᠤᠯᠬᠤ ᠪᠠ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ | ᠪᠠᠲᠤ ᠶᠢ ᠰᠠᠬᠢᠬᠤ ᠲᠤᠬᠠᠢ ᠴᠢᠬᠤᠯᠠ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ 2024 ᠣᠨ ᠤ | ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠨᠠᠷ ᠰᠠᠶᠢᠲᠠᠢ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠢ᠃ | ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠲᠤᠬᠠᠢ ᠪᠠᠶᠢᠷᠢᠯᠠᠭᠤᠯᠤᠯᠲᠠ | ᠱᠠᠭᠠᠷᠳᠠᠯᠭ᠎ᠠ ᠲᠠᠢ ᠬᠠᠷᠢᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠪᠦᠬᠦ | ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ | ᠰᠠᠶᠢᠵᠢᠷᠠᠭᠤᠯᠬᠤ ᠲᠤᠬᠠᠢ ᠰᠠᠨᠠᠯ︾ ᠢ ᠨᠠᠷᠢᠨ ᠬᠢᠨᠠᠮᠠᠭᠠᠢ ᠲᠤᠤᠱᠯᠠᠭᠤᠯᠵᠤ᠂ ᠨᠠᠶᠢᠳᠠᠪᠤᠷᠢᠵᠢᠭᠤᠯᠬᠤ ᠠᠷᠭ᠎ᠠ | ᠬᠡᠮᠵᠢᠶ᠎ᠡ ᠶᠢ ᠰᠤᠳᠤᠯᠤᠨ ᠰᠦᠪᠡᠭᠴᠢᠯᠡᠵᠦ᠂ ᠵᠥᠪᠯᠡᠬᠦ ᠠᠷᠠᠳᠴᠢᠯᠠᠯ ᠤᠨ ᠦᠢᠯᠡᠳᠦᠯᠭᠡ ᠶᠢ ᠲᠠᠰᠤᠷᠠᠯᠲᠠ ᠦᠭᠡᠢ | ᠪᠠᠶᠠᠯᠢᠭᠵᠢᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠠᠰᠤ ᠴᠢᠨᠠᠷ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ | ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯ᠂ ᠦᠬᠠᠶ ᠬᠤᠲᠠ ᠶᠢᠨ ᠤᠯᠤᠰ | ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠳᠥᠷᠪᠡᠳᠦᠭᠡᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠰᠦᠨ ᠱᠤᠤ ᠴᠧᠩ ᠱᠦᠵᠢ ᠴᠡᠭ ᠲᠣᠭᠲᠠᠭᠠᠬᠤ ᠪᠠ ᠬᠤᠲᠠ ᠶᠢᠨ | ᠨᠠᠮ ᠤᠨ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶ᠎ᠠ ᠶᠢᠨ ᠭᠤᠤᠯ ᠠᠵᠢᠯ ᠢ ᠴᠢᠩᠭ᠎ᠠ ᠠᠩᠬᠠᠷᠴᠤ᠂ 2025 | ᠣᠨ ᠳᠤ ᠪᠠᠶᠢᠴᠠᠭᠠᠨ ᠰᠤᠳᠤᠯᠵᠤ ᠵᠥᠪᠯᠡᠬᠦ ᠠᠵᠢᠯ ᠢ ᠨᠠᠷᠢᠨ ᠨᠢᠮᠪᠠᠶ ᠪᠠᠶᠢᠷᠢᠯᠠᠭᠤᠯᠵᠤ᠂ ᠨᠠᠩ ᠬᠠᠨᠳᠤᠯᠭᠠᠲᠤ ᠴᠢᠨᠠᠷ | ᠪᠠ ᠪᠣᠳᠠᠲᠤ ᠦᠷ᠎ᠡ ᠪᠦᠳᠦᠮᠵᠢᠳᠤ ᠴᠢᠨᠠᠷᠲᠠᠶ ᠰᠠᠨᠠᠯ ᠳᠤᠷᠠᠳᠤᠯᠭ᠎ᠠ ᠶᠢᠨ ᠦᠷ᠎ᠡ ᠪᠦᠲᠦᠭᠡᠯ ᠢᠶᠠᠷ ᠭᠠᠵᠠᠷ ᠣᠷᠣᠨ ᠤ | ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ | ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ |