| ︽2024 ᠣᠨ ᠤ ᠬᠠᠶᠢᠨᠠᠨ ᠲᠣᠭᠤᠷᠢᠭ ᠤᠨ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠡᠪᠦᠯ ᠤᠨ | ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦ ᠶᠢ ᠪᠠᠲᠤᠯᠠᠬᠤ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ | ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ | ᠬᠠᠶᠢᠨᠠᠨ ᠵᠠᠰᠠᠭ ᠠᠯᠪᠠᠨ ᠲᠠᠷᠬᠠᠭᠠᠭᠰᠠᠨ ﹇2020﹈ 32 ᠳ᠋ᠤᠭᠠᠷ ᠲᠣᠭᠠᠲᠤ | ᠡᠯ᠎ᠡ ᠬᠤᠯᠪᠣᠭᠳᠠᠯ ᠪᠥᠬᠦᠶ ᠨᠢᠭᠡᠴᠡ᠄ | ︽2024 ᠣᠨ ᠳᠤ ᠬᠠᠶᠢᠨᠠᠨ ᠲᠣᠭᠤᠷᠢᠭ ᠤᠨ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠡᠪᠦᠯ ᠤᠨ | ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦ ᠶᠢ ᠪᠠᠲᠤᠯᠠᠬᠤ ᠠᠵᠢᠯ ᠤᠨ ᠲᠥᠰᠦᠯ︾ ᠢ ᠲᠤᠭᠤᠷᠢᠭ ᠤᠨ ᠵᠠᠰᠠᠭ ᠤᠨ ᠣᠷᠳᠣᠨ | ᠰᠤᠳᠤᠯᠤᠨ ᠵᠥᠪᠰᠢᠶᠡᠷᠡᠵᠦ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ | ᠬᠡᠷᠡᠭᠵᠢᠭᠦᠯᠲᠦᠭᠡᠶ᠃ | 2024 ᠣᠨ ᠤ 9 ᠰᠠᠷ᠎ᠠ ᠶᠢᠨ 24 ᠤ ᠡᠳᠦᠷ | 2024 ᠣᠨ ᠳᠤ ᠬᠠᠶᠢᠨᠠᠨ ᠲᠣᠭᠤᠷᠢᠭ ᠤᠨ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠡᠪᠦᠯ ᠤᠨ | ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦ ᠶᠢ ᠪᠠᠲᠤᠯᠠᠬᠤ ᠠᠵᠢᠯ ᠤᠨ ᠲᠥᠰᠦᠯ | 2024 ᠣᠨ ᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠡᠨᠡ ᠡᠪᠦᠯ ᠢᠷᠡᠬᠦ ᠬᠠᠪᠤᠷ ᠤᠨ | ᠳᠤᠯᠠᠭᠠᠯᠠᠭ᠎ᠠ ᠶᠢᠨ ᠤᠯᠠᠷᠢᠯ ᠤᠨ ᠠᠷᠠᠳ ᠤᠨ ᠠᠮᠢᠳᠤᠷᠠᠯ ᠤᠨ ᠳᠤᠯᠠᠭᠠᠯᠠᠭ᠎ᠠ ᠶᠢᠨ ᠨᠡᠭᠦᠷᠡᠰᠦᠨ ᠤ ᠪᠠᠲᠤᠯᠠᠭ᠎ᠠ ᠶᠢᠨ ᠠᠵᠢᠯ ᠢ | ᠰᠠᠶᠢᠲᠤᠷ ᠬᠢᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠡᠨᠧᠷᠭᠢ ᠶᠢᠨ ᠲᠣᠭᠲᠠᠭᠤᠨ ᠬᠠᠩᠭᠠᠯᠭ᠎ᠠ ᠶᠢ ᠪᠠᠲᠤᠯᠠᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠬᠤᠲᠠ ᠶᠢᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠯᠠᠨ | ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠵᠤ᠂ ᠮᠠᠨ ᠤ ᠣᠷᠣᠨ ᠤ ᠪᠣᠳᠠᠲᠠᠶ ᠲᠠᠢ ᠪᠠᠨ | ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠣᠯᠭᠤᠬᠤ ᠡᠲᠡᠭᠡᠳ ᠵᠢᠴᠢ ᠬᠡᠪᠴᠢᠶ᠎ᠡ | ︽ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠨᠥᠬᠦᠪᠥᠷᠢ | ᠣᠯᠭᠤᠬᠤ ᠠᠵᠢᠯ ᠢ ᠲᠦᠷᠭᠡᠳᠬᠡᠨ ᠠᠬᠢᠭᠤᠯᠬᠤ ᠲᠤᠬᠠᠶ ᠰᠢᠮᠳᠠᠭᠤᠯᠤᠨ ᠰᠢᠢᠳᠪᠦᠷᠢᠯᠡᠬᠦ ᠵᠠᠬᠢᠳᠠᠯ︾ ︵ᠤᠯᠠᠭᠠᠨᠴᠠᠪ ᠵᠠᠰᠠᠭ | ᠠᠯᠪᠠᠨ ᠲᠠᠷᠬᠠᠭᠠᠭᠰᠠᠨ ﹇2020﹈ 95 ᠳ᠋ᠤᠭᠠᠷ ᠲᠣᠭᠠᠲᠤ︶ ᠤᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ 2024 | ᠣᠨ ᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠨᠡᠭᠦᠷᠡᠰᠦ ᠬᠡᠷᠡᠭᠯᠡᠬᠦ ᠨᠥᠬᠦᠪᠥᠷᠢ ᠶᠢ 2023 ᠣᠨ ᠤ ᠣᠯᠭᠤᠬᠤ | ᠬᠡᠪᠴᠢᠶ᠎ᠡ ᠪᠠᠷ ᠯᠠᠪᠯᠠᠯᠲᠠ ᠪᠣᠯᠭᠠᠨ ᠬᠡᠷᠡᠭᠵᠢᠭᠦᠯᠵᠦ᠂ ᠪᠣᠳᠠᠲᠠᠶ ᠲᠠᠷᠬᠠᠭᠠᠬᠤ ᠬᠡᠪᠴᠢᠶ᠎ᠡ ᠨᠢ᠄ ᠬᠠᠶᠢᠨᠠᠨ ᠲᠣᠭᠤᠷᠢᠭ ᠤᠨ | ᠪᠠᠶᠠᠨᠲᠣᠬᠤᠶ ᠪᠠᠯᠭᠠᠰᠤ᠂ ᠷᠠᠰᠠᠩ ᠰᠦᠮ᠎ᠡ ᠪᠠᠯᠭᠠᠰᠤᠨ ᠤ ᠬᠢᠨᠠᠨ ᠲᠣᠭᠲᠠᠭᠠᠭᠰᠠᠨ ᠲᠣᠰ ᠬᠠᠷᠢᠶ᠎ᠠ ᠣᠷᠣᠨ ᠤ ᠡᠷᠦᠬᠡ | ᠠᠮᠠ ᠶᠢᠨ ᠬᠠᠷᠢᠶ᠎ᠠ ᠲᠠᠢ ᠪᠥᠭᠡᠳ ᠲᠠᠷᠢᠶᠠᠯᠠᠬᠤ ᠣᠷᠣᠨ ᠳᠤ ᠬᠠᠭᠠᠰ ᠵᠢᠯ ᠠᠴᠠ ᠳᠡᠭᠡᠭᠰᠢᠬᠢ ᠲᠠᠷᠢᠶᠠᠯᠠᠬᠤ ᠣᠷᠣᠨ ᠤ | ᠰᠠᠭᠤᠭᠠᠯᠢ ᠠᠷᠠᠳ ᠡᠷᠦᠬᠡ ᠪᠠᠷ ᠨᠢᠭᠡᠴᠢ ᠪᠣᠯᠭᠠᠨ ᠣᠯᠭᠤᠨ᠎ᠠ᠃ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ | ᠠᠯᠪᠠᠨ ᠠᠵᠢᠯᠲᠠᠨ ᠣᠯᠭᠤᠬᠤ ᠬᠡᠪᠴᠢᠶ᠎ᠡ ︵ᠲᠣᠳᠣᠷᠬᠠᠶᠢᠯᠠᠬᠤ ᠨᠢ᠄ ᠲᠤᠰ ᠲᠣᠰᠬᠤᠨ ᠤ ᠡᠷᠦᠬᠡ ᠠᠮᠠ ᠲᠠᠢ ᠬᠠᠶᠢᠨᠠᠨ | ᠲᠣᠭᠤᠷᠢᠭ ᠤᠨ ᠣᠨᠳᠣᠤ ᠭᠠᠵᠠᠷ ᠤᠨ ᠰᠢᠶᠠᠩ ᠪᠠᠯᠭᠠᠰᠤᠨ ᠤ ᠲᠠᠷᠢᠶᠠᠯᠠᠬᠤ ᠣᠷᠣᠨ ᠳᠤ ᠣᠷᠣᠰᠢᠨ ᠰᠠᠭᠤᠪᠠᠯ᠂ ᠵᠥᠪᠬᠡᠨ | ᠪᠣᠳᠠᠲᠠᠶ ᠣᠷᠣᠰᠢᠨ ᠰᠠᠭᠤᠭ᠎ᠠ ᠭᠠᠵᠠᠷ ᠪᠤᠶᠤ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠤᠨ ᠨᠢᠭᠡ ᠲᠠᠯ᠎ᠠ ᠶᠢᠨ ᠵᠣᠬᠢᠶᠠᠨ | ᠪᠠᠶᠢᠭᠤᠯᠤᠯᠲᠠ ᠶᠢᠨ ᠣᠯᠭᠤᠮᠵᠢ ᠶᠢ ᠬᠦᠷᠲᠡᠨ᠎ᠡ︶᠃ | ᠬᠤᠶᠠᠷ᠂ ᠣᠯᠭᠤᠬᠤ ᠪᠠᠷᠢᠮᠵᠢᠶ᠎ᠠ ᠵᠢᠴᠢ ᠠᠷᠭ᠎ᠠ ᠮᠠᠶ᠋ᠢᠭ | ᠲᠣᠨ ᠪᠦᠷᠢ ᠳᠡᠭᠡᠨ 700 ᠲᠥᠭᠦᠷᠢᠭ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠲᠣᠭᠲᠠᠭᠠᠵᠤ᠂ ᠡᠷᠦᠬᠡ | ᠪᠦᠷᠢ ᠳᠤ 2 ᠲᠣᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠣᠯᠭᠤᠬᠤ ᠪᠠᠷᠢᠮᠵᠢᠶ᠎ᠠ ᠪᠠᠷ ᠪᠤᠳᠤᠵᠤ᠂ ᠡᠷᠦᠬᠡ ᠪᠦᠷᠢ ᠳᠤ | 1400 ᠲᠥᠭᠦᠷᠢᠭ ᠤᠨ ᠪᠡᠯᠡᠨ ᠵᠣᠭᠤᠰ ᠢᠶᠠᠷ ᠨᠤᠭᠤᠯᠤᠨ ᠪᠤᠳᠤᠵᠤ ᠪᠠᠲᠤᠯᠠᠭ᠎ᠠ ᠣᠯᠭᠤᠨ᠎ᠠ᠃ | ᠭᠤᠷᠪᠠ᠂ ᠪᠡᠯᠡ ᠮᠥᠩᠭᠦ ᠲᠠᠷᠬᠠᠭᠠᠬᠤ ᠵᠢᠴᠢ ᠢᠷᠡᠯᠲᠡ | ᠪᠠᠶᠠᠨᠲᠤᠬᠤᠢ ᠪᠠᠯᠭᠠᠰᠤ᠂ ᠷᠠᠰᠠᠩ ᠰᠦᠮ᠎ᠡ ᠪᠠᠯᠭᠠᠰᠤ ᠶᠢᠨ ᠬᠢᠨ 2024 ᠣᠨ ᠤ ᠣᠯᠭᠤᠬᠤ ᠬᠡᠪᠴᠢᠶᠡᠨ ᠳᠤ | ᠨᠡᠶᠢᠴᠡᠬᠦ ᠰᠠᠭᠤᠭᠠᠯᠢ ᠠᠷᠠᠳ ᠢ ᠤᠷᠢᠳᠴᠢᠯᠠᠨ ᠬᠢᠨᠠᠨ ᠬᠠᠷᠭᠤᠭᠤᠯᠵᠤ᠂ ᠲᠠᠬᠢᠨ ᠪᠠᠶᠢᠴᠠᠭᠠᠵᠤ᠂ ᠪᠣᠳᠠᠲᠠᠢ ᠲᠠᠷᠬᠠᠭᠠᠭᠰᠠᠨ | ᠵᠣᠭᠤᠰ ᠤᠨ ᠲᠤᠭ᠎ᠠ ᠶᠢ ᠡᠴᠦᠰ ᠤᠨ ᠬᠢᠨᠠᠨ ᠬᠠᠷᠭᠤᠭᠤᠯᠤᠭᠰᠠᠨ ᠲᠤᠭ᠎ᠠ ᠪᠠᠷᠢᠮᠲᠠ ᠪᠠᠷ ᠪᠠᠷᠢᠮᠵᠢᠶ᠎ᠠ ᠪᠣᠯᠭᠠᠨ᠎ᠠ᠃ ᠨᠥᠬᠦᠪᠥᠷᠢ | ᠪᠡᠯᠡ ᠮᠥᠩᠭᠦ ᠶᠢ ᠬᠤᠲᠠ᠂ ᠲᠣᠭᠤᠷᠢᠭ ᠬᠤᠶᠠᠷ ᠱᠠᠲᠤᠨ ᠤ ᠡᠳ᠋ ᠤᠨ ᠵᠠᠰᠠᠭ ᠠᠴᠠ ᠵᠠᠷᠤᠴᠠᠭᠤᠯᠵᠤ᠂ ᠡᠭᠦᠨ ᠳᠤ | ᠬᠤᠲᠠ ᠶᠢᠨ ᠡᠳ᠋ ᠤᠨ ᠵᠠᠰᠠᠭ 30% ᠶᠢ ᠭᠠᠷᠭᠠᠵᠤ᠂ ᠣᠷᠣᠨ ᠤ ᠡᠳ᠋ ᠤᠨ ᠵᠠᠰᠠᠭ 70% ᠶᠢ ᠨᠢ ᠭᠠᠷᠭᠠᠨ᠎ᠠ᠃ | ᠳᠥᠷᠪᠡ᠂ ᠬᠠᠷᠢᠭᠤᠴᠠᠯᠭ᠎ᠠ ᠶᠢᠨ ᠬᠤᠪᠢᠶᠠᠷᠢᠯᠠᠯ | ᠪᠠᠶᠠᠨᠲᠣᠬᠤᠶ ᠪᠠᠯᠭᠠᠰᠤ᠂ ᠷᠠᠰᠠᠩ ᠰᠦᠮ᠎ᠡ ᠪᠠᠯᠭᠠᠰᠤ᠄ ᠡᠯ᠎ᠡ ᠬᠠᠷᠢᠶ᠎ᠠ ᠣᠷᠣᠨ ᠤ ᠳᠣᠲᠣᠷᠠᠬᠢ ᠲᠠᠷᠢᠶᠠᠯᠠᠬᠤ | ᠣᠷᠣᠨ ᠤ ᠰᠠᠭᠤᠭᠠᠯᠢ ᠠᠷᠠᠳ ᠤᠨ ᠪᠠᠶᠢᠳᠠᠯ ᠢ ᠣᠶᠢᠯᠠᠭᠠᠬᠤ᠂ ᠪᠠᠶᠢᠴᠠᠭᠠᠬᠤ᠂ ᠬᠢᠨᠠᠨ ᠬᠠᠷᠭᠤᠭᠤᠯᠬᠤ᠂ ᠪᠦᠷᠢᠳᠬᠡᠬᠦ᠂ | ᠲᠠᠷᠬᠠᠭᠠᠬᠤ᠂ ᠳᠡᠭᠡᠭᠰᠢ ᠮᠡᠳᠡᠭᠦᠯᠬᠦ᠂ ᠢᠯᠡ ᠨᠡᠶᠢᠲᠡᠯᠡᠬᠦ ᠵᠡᠷᠭᠡ ᠠᠵᠢᠯ ᠢ ᠬᠠᠷᠢᠭᠤᠴᠠᠨ᠎ᠠ︔ | ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠲᠤᠭᠤᠷᠢᠭ ᠤᠨ ᠡᠨᠧᠷᠭᠢ ᠶᠢᠨ ᠲᠣᠪᠴᠢᠶ᠎ᠠ᠄ ᠨᠢᠭᠡᠳᠦᠯᠲᠡᠶ | ᠲᠥᠯᠥᠪᠯᠡᠨ ᠵᠣᠬᠢᠴᠠᠭᠤᠯᠬᠤ ᠠᠵᠢᠯ ᠢ ᠬᠠᠷᠢᠭᠤᠴᠠᠵᠤ᠂ ᠲᠤᠭᠤᠷᠢᠭ ᠤᠨ ᠬᠠᠮ ᠵᠠᠭᠤᠴᠢᠯᠠᠭᠤᠷ ᠤᠨ ᠲᠥᠪ ᠢ ᠤᠷᠢᠵᠤ | ᠤᠬᠠᠭᠤᠯᠤᠨ ᠮᠡᠳᠡᠭᠡᠯᠡᠬᠦ ᠠᠵᠢᠯ ᠢ ᠰᠠᠶᠢᠲᠤᠷ ᠬᠢᠨ᠎ᠡ︔ | ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠄ ᠪᠠᠯᠠ ᠮᠥᠩᠭᠦ ᠶᠢᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ︔ | ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠄ ᠡᠪᠦᠯ ᠤᠨ ᠤᠯᠠᠷᠢᠯ ᠤᠨ | ᠳᠤᠯᠠᠭᠠᠯᠠᠭ᠎ᠠ ᠶᠢᠨ ᠨᠥᠬᠦᠪᠥᠷᠢ ᠣᠯᠭᠤᠬᠤ ᠠᠵᠢᠯ ᠳᠤ ᠪᠥᠬᠦ ᠶᠠᠪᠤᠴᠠ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ | ᠲᠠᠪᠤ᠂ ᠬᠠᠮᠢᠶ᠎ᠠ ᠪᠦᠬᠦᠢ ᠱᠠᠭᠠᠷᠳᠠᠯᠭ᠎ᠠ | ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠃ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ | ᠳᠤᠯᠠᠭᠠᠨ ᠪᠦᠯᠢᠶᠡᠨ ᠡᠪᠦᠯᠵᠢᠬᠦ ᠶᠢ ᠪᠠᠲᠤᠯᠠᠬᠤ ᠪᠣᠯ ᠠᠷᠠᠳ ᠣᠯᠠᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠳᠤ | ᠬᠤᠯᠪᠣᠭᠳᠠᠬᠤ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠃ ᠡᠯ᠎ᠡ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ | ᠡᠨᠡ ᠡᠪᠦᠯ ᠢᠷᠡᠬᠦ ᠬᠠᠪᠤᠷ ᠤᠨ ᠨᠡᠭᠦᠷᠡᠰᠦ ᠬᠡᠷᠡᠭᠯᠡᠬᠦ ᠶᠢ ᠪᠠᠲᠤᠯᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠠ | ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠨᠡᠭᠦᠷᠡᠰᠦ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠤᠶᠢᠯᠠᠭᠠᠨ᠂ | ᠲᠤᠭ᠎ᠠ ᠪᠠᠷᠢᠮᠲᠠ ᠶᠢ ᠬᠠᠷᠢᠴᠠᠭᠤᠯᠬᠤ᠂ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ ᠵᠡᠷᠭᠡ ᠠᠵᠢᠯ ᠢ ᠦᠨᠡᠨᠬᠦ ᠰᠠᠶᠢᠲᠤᠷ | ᠬᠢᠵᠦ᠂ ᠨᠢᠭᠡᠳᠦᠯᠲᠡᠶ ᠪᠦᠷᠢᠳᠬᠡᠬᠦ᠂ ᠳᠠᠪᠬᠤᠷᠳᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠵᠤ᠂ ᠡᠯ᠎ᠡ ᠵᠦᠢᠯ ᠤᠨ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ | ︵ᠬᠤᠶᠠᠷ︶ ᠨᠡᠭᠦᠷᠡᠰᠦ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠵᠤ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ | ᠪᠦᠬᠦᠢ ᠱᠠᠭᠠᠷᠳᠠᠯᠭ᠎ᠠ ᠶᠣᠰᠣᠭᠠᠷ᠂ ᠡᠯ᠎ᠡ ᠵᠦᠢᠯ ᠤᠨ ᠪᠠᠲᠤᠯᠠᠭ᠎ᠠ ᠶᠢᠨ ᠠᠵᠢᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠎ᠠ᠃ ᠠᠷᠠᠳ ᠤᠨ ᠠᠮᠢᠳᠤᠷᠠᠯ ᠢ ᠪᠠᠲᠤᠯᠠᠬᠤ ᠨᠡᠭᠦᠷᠡᠰᠦᠨ ᠤ ᠠᠵᠢᠯ ᠤᠨ ᠳᠤᠮᠳᠠ ᠠᠰᠠᠭᠤᠳᠠᠯ | ᠭᠠᠷᠤᠭᠰᠠᠨ ᠦᠶ᠎ᠡ ᠳᠤ ᠵᠣᠬᠢᠴᠠᠯᠳᠤᠨ ᠨᠡᠪᠲᠡᠷᠡᠯᠴᠡᠵᠦ᠂ ᠳᠡᠭᠡᠳᠦ ᠳᠣᠤᠷᠠᠳᠤ ᠱᠠᠲᠤ ᠪᠠᠷ ᠢᠶᠠᠨ ᠬᠤᠯᠪᠣᠭᠠᠯᠠᠨ | ᠬᠥᠳᠡᠯᠦᠯᠴᠡᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠴᠠᠭ ᠲᠤᠬᠠᠶ ᠳᠤᠨᠢ ᠠᠷᠭᠠᠴᠠᠵᠤ᠂ ᠲᠣᠬᠢᠲᠠᠶ | ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠬᠠᠩᠭᠠᠯᠭ᠎ᠠ ᠶᠢ ᠪᠠᠲᠤᠯᠠᠬᠤ ᠳᠤ ᠰᠠᠭᠠᠳ ᠥᠬᠡᠶ ᠨᠡᠪᠲᠡᠷᠡᠬᠦ ᠵᠠᠮ ᠨᠡᠭᠡᠭᠡᠵᠦ᠂ | ᠮᠠᠯᠴᠢᠨ ᠲᠠᠷᠢᠶᠠᠴᠢᠨ ᠤ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠠᠵᠢᠯ ᠤᠨ ᠤᠷᠤᠭᠰᠢᠲᠠᠶ ᠪᠡᠶᠡᠯᠡᠭᠳᠡᠬᠦ ᠶᠢ ᠪᠠᠲᠤᠯᠠᠬᠤ | ᠬᠡᠷᠡᠭᠲᠡᠶ᠃ | |