ᠵᠠᠰᠠᠭ ᠤᠨ ᠣᠷᠳᠣᠨ ᠤ ᠠᠯᠪᠠᠨ ᠮᠡᠳᠡᠭᠡ 2024 ᠣᠨ ᠤ 6 ᠳ᠋ᠤᠭᠠᠷ ᠬᠤᠭᠤᠴᠠᠭ᠎ᠠ ︵ᠶᠡᠷᠣᠩᠬᠡᠢ 24 ᠳ᠋ᠣᠭᠠᠷ ᠬᠤᠭᠤᠴᠠᠭ᠎ᠠ ᠬᠤᠣᠰ ᠰᠠᠷ᠎ᠠ ᠶᠢᠨ ᠰᠡᠳᠭᠦᠯ︶
ᠨᠡᠶᠢᠲᠡᠯᠡᠭᠰᠡᠨ ᠴᠠᠭ᠄
2025/1/26
政府公报封面.jpg
      ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠬᠠᠶᠢᠨᠠᠨ ᠲᠣᠭᠤᠷᠢᠭ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠢ ᠬᠡᠷᠡᠭᠵᠢᠭᠦᠯᠬᠦ ᠲᠥᠰᠦᠯ ︵ᠵᠠᠰᠠᠪᠤᠷᠢ ᠣᠷᠣᠭᠤᠯᠤᠭᠰᠠᠨ ᠬᠡᠪᠯᠡᠯ︶︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ                      ᠵᠠᠰᠠᠭ ᠠᠯᠪᠠᠨ ᠲᠠᠷᠬᠠᠭᠠᠭᠰᠠᠨ ﹇2020﹈ 38 ᠳ᠋ᠤᠭᠠᠷ ᠲᠣᠭᠠᠲᠤ                  ᠦᠬᠠᠢ ᠬᠤᠳᠠ ᠶᠢᠨ ᠬᠠᠶᠢᠨᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ      ︽ᠬᠠᠶᠢᠨᠠᠨ ᠲᠣᠭᠤᠷᠢᠭ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢ ᠨᠢᠭᠡ ᠴᠣᠭᠴᠠᠵᠢᠭᠤᠯᠬᠤ ᠲᠤᠬᠠᠶ︾      ᠢᠨᠵᠧᠨᠧᠷᠢᠩ ᠤᠨ ᠬᠡᠷᠡᠭᠵᠢᠭᠦᠯᠬᠦ ᠲᠥᠰᠥᠯ ︵ᠵᠠᠰᠠᠪᠤᠷᠢ ᠣᠷᠣᠭᠤᠯᠤᠭᠰᠠᠨ ᠬᠡᠪᠯᠡᠯ︶︾ ᠤᠨ ᠲᠤᠬᠠᠢ ᠮᠡᠳᠡᠭᠳᠡᠯ      ᠡᠯ᠎ᠡ ᠪᠠᠯᠭᠠᠰᠤ᠂ ᠵᠡᠭᠡᠯᠢ ᠭᠤᠳᠤᠮᠵᠢ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠬᠠᠶᠢᠨᠠᠨ ᠤ ᠠᠵᠤ ᠦᠢᠯᠡᠰ ᠤᠨ ᠬᠦᠷᠢᠶᠡᠯᠡᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠲᠣᠭᠤᠷᠢᠭ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠬᠠᠶᠢᠨᠠᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠄      ︽ᠬᠠᠶᠢᠨᠠᠨ ᠲᠣᠭᠤᠷᠢᠭ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠤᠨ ᠬᠡᠷᠡᠭᠵᠢᠭᠦᠯᠬᠦ ᠲᠥᠰᠦᠯ ︵ᠵᠠᠰᠠᠪᠤᠷᠢ ᠣᠷᠣᠭᠤᠯᠤᠭᠰᠠᠨ ᠬᠡᠪᠯᠡᠯ︶︾ ᠢ ᠨᠢᠭᠡᠨᠲᠡ ᠲᠤᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃              ᠦᠬᠠᠢ ᠬᠤᠳᠠ ᠶᠢᠨ ᠬᠠᠶᠢᠨᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ                                           2024 ᠣᠨ ᠤ 11 ᠰᠠᠷ᠎ᠠ ᠶᠢᠨ 11 ᠤ ᠡᠳᠦᠷ      ᠬᠠᠶᠢᠨᠠᠨ ᠲᠤᠭᠤᠷᠢᠭ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠢ ᠬᠡᠷᠡᠭᠵᠢᠭᠦᠯᠬᠦ ᠲᠥᠰᠦᠯ                      ︵ᠵᠠᠰᠠᠪᠤᠷᠢ ᠣᠷᠣᠭᠤᠯᠤᠭᠰᠠᠨ ᠬᠡᠪᠯᠡᠯ︶      ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠪᠣᠳᠠᠲᠤ ᠠᠵᠢᠯᠯᠠᠭ᠎ᠠ ᠪᠠ ᠠᠵᠢᠯ ᠤᠨ ᠦᠷ᠎ᠡ ᠪᠦᠲᠦᠮᠵᠢ ᠪᠠᠷ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠬᠠᠲᠤᠨ ᠭᠤᠤᠯ ᠤᠨ ᠠᠮᠤᠷ ᠲᠦᠪᠰᠢᠨ ᠢ ᠰᠠᠬᠢᠨ ᠬᠠᠮᠠᠭᠠᠯᠠᠬᠤ ᠳᠤ ᠬᠠᠶᠢᠨᠠᠨ ᠤ ᠬᠦᠴᠦᠨ ᠨᠡᠮᠡᠷᠢᠯᠡᠬᠦ ᠶᠢᠨ ᠲᠥᠯᠥᠭᠡ᠂ ᠡᠳᠦᠭᠡ ᠮᠠᠨ ᠤ ᠲᠣᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠢ ᠱᠠᠭᠠᠷᠳᠠᠯᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠥᠯᠥᠪᠵᠢᠭᠦᠯᠦᠨ ᠪᠠᠶᠢᠭᠤᠯᠬᠤ ᠪᠠ ︽ᠭᠤᠷᠪᠠᠨ ᠤᠮᠠᠷᠠᠲᠤ︾ ᠶᠢᠨ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠦᠵᠡᠰᠬᠦᠯᠡᠩᠲᠦ ᠰᠠᠶᠢᠬᠠᠨ ᠦᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠲᠠᠢ ᠤᠶᠠᠯᠳᠤᠭᠤᠯᠵᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠣᠯᠤᠨ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠡᠭᠡᠭᠡᠨ ᠬᠥᠭᠵᠢᠭᠦᠯᠦᠯᠲᠡ ᠶᠢ ᠣᠷᠭᠠᠨᠢᠭ ᠢᠶᠠᠷ ᠠᠭᠤᠰᠤᠯᠴᠠᠭᠤᠯᠬᠤ᠂ ᠨᠢᠭᠡ ᠴᠤᠬᠴᠠᠵᠢᠭᠤᠯᠬᠤ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠠᠮᠢ ᠠᠬᠤᠢ ᠶᠢ ᠦᠷᠭᠦᠯᠵᠢᠯᠡᠨ ᠰᠠᠶᠢᠵᠢᠷᠠᠭᠤᠯᠬᠤ᠂ ᠠᠵᠤ ᠦᠢᠯᠡᠰ ᠢ ᠲᠦᠷᠭᠡᠨ ᠬᠥᠭᠵᠢᠭᠦᠯᠬᠦ ᠶᠢ ᠠᠬᠢᠭᠤᠯᠵᠤ᠂ ᠮᠠᠨ ᠤ  ᠲᠣᠭᠤᠷᠢᠭ ᠤᠨ  ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃      ᠬᠤᠶᠠᠷ᠂ ᠶᠡᠷᠦᠩᠬᠡᠢ ᠪᠠᠶᠢᠷᠢᠯᠠᠭᠤᠯᠤᠯᠲᠠ      ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠵᠤ᠂ ᠶᠡᠷᠦᠩᠬᠡᠶᠢᠯᠡᠨ ᠵᠠᠰᠠᠬᠤ ᠬᠡᠷᠡᠭᠲᠡᠶ᠃ ᠤᠰᠤ ᠪᠠᠷ ᠨᠣᠭᠤᠭᠠᠷᠠᠭᠤᠯᠤᠯᠲᠠ ᠶᠢ ᠲᠣᠭᠲᠠᠭᠠᠵᠤ᠂ ᠤᠰᠤᠨ ᠤ ᠬᠡᠮᠵᠢᠶ᠎ᠡ ᠪᠠᠷ ᠶᠠᠪᠤᠭᠳᠠᠭᠤᠯᠵᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠣᠭᠤᠭᠠᠷᠠᠭᠤᠯᠬᠤ ᠳᠤ ᠳᠣᠭᠢᠷᠠᠪᠠᠯ ᠨᠣᠭᠤᠭᠠᠷᠠᠭᠤᠯᠵᠤ᠂ ᠠᠲᠠᠷ ᠬᠠᠭᠠᠯᠪᠤᠷᠢᠯᠠᠬᠤ ᠳᠤ ᠳᠣᠭᠢᠷᠠᠪᠠᠯ ᠠᠲᠠᠷ ᠬᠠᠭᠠᠯᠪᠤᠷᠢᠯᠠᠵᠤ᠂ ᠡᠯᠡᠰᠦ ᠶᠢ ᠰᠡᠷᠭᠦᠭᠡᠬᠦ ᠳᠤ ᠳᠣᠭᠢᠷᠠᠪᠠᠯ ᠡᠯᠡᠰᠦ ᠶᠢ ᠵᠠᠰᠠᠵᠤ᠂ ᠰᠢᠰᠲ᠋ᠧᠮᠵᠢᠭᠦᠯᠦᠨ ᠶᠡᠷᠦᠩᠬᠡᠶᠢᠯᠡᠨ ᠵᠠᠰᠠᠵᠤ᠂ ᠡᠷᠡᠭᠦᠯ ᠲᠣᠭᠲᠠᠭᠤᠨ ᠠᠮᠢ ᠠᠬᠤᠶ ᠶᠢᠨ ᠰᠢᠰᠲ᠋ᠧᠮ ᠢ ᠪᠠᠶᠢᠭᠤᠯᠤᠨ᠎ᠠ᠃      ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠰᠡᠷᠭᠦᠭᠡᠬᠦ ᠪᠠᠷ ᠭᠤᠣᠯ ᠪᠣᠯᠭᠠᠬᠤ᠂ ᠬᠠᠮᠠᠭᠠᠯᠠᠬᠤ ᠬᠢᠭᠡᠳ ᠪᠦᠲᠦᠭᠡᠨ ᠪᠠᠶᠢᠭᠤᠯᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠎ᠠ᠃ ᠡᠯᠡᠰᠦᠷᠬᠡᠭᠵᠢᠭᠰᠡᠨ ᠭᠠᠵᠠᠷ ᠰᠢᠷᠣᠶ ᠳᠤ ᠪᠢᠲᠡᠭᠦᠮᠵᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠴᠤ᠂ ᠡᠯᠡᠰᠦᠷᠬᠡᠭ ᠣᠷᠣᠨ ᠤ ᠪᠠᠶᠢᠭᠠᠯᠢ ᠶᠢᠨ ᠠᠮᠢ ᠠᠬᠤᠶ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠦᠬᠦ ᠲᠠᠯ᠎ᠠ ᠪᠠᠷ ᠬᠠᠮᠠᠭᠠᠯᠠᠵᠤ᠂ ᠬᠥᠮᠦᠨ ᠤ ᠬᠦᠴᠦ ᠪᠠᠷ ᠭᠠᠷ ᠲᠦᠷᠦᠭᠦ ᠴᠢᠬᠤᠯᠠ ᠪᠦᠬᠦᠢ ᠠᠷᠭ᠎ᠠ ᠬᠡᠮᠵᠢᠶ᠎ᠡ ᠪᠠᠷ ᠬᠠᠪᠰᠤᠷᠤᠮᠵᠢ ᠪᠣᠯᠭᠠᠨ᠂ ᠡᠯᠡᠰᠦᠨ ᠴᠥᠯ ᠤᠨ ᠠᠮᠢ ᠠᠬᠤᠶ ᠶᠢᠨ ᠰᠢᠰᠲ᠋ᠧᠮ ᠢ ᠲᠦᠷᠭᠡᠳᠬᠡᠨ ᠰᠡᠷᠭᠦᠭᠡᠬᠦ ᠬᠡᠷᠡᠭᠲᠡᠶ᠃      ᠵᠠᠰᠠᠭ ᠤᠨ ᠣᠷᠳᠣᠨ ᠢᠶᠠᠷ ᠭᠤᠤᠯᠯᠠᠭᠤᠯᠵᠤ᠂ ᠰᠠᠯᠠᠭ᠎ᠠ ᠮᠥᠴᠢᠷ ᠤᠳ ᠬᠤᠯᠪᠣᠭᠠᠯᠠᠨ ᠬᠥᠳᠡᠯᠦᠯᠴᠡᠵᠦ᠂ ᠨᠡᠶᠢᠭᠡᠮ ᠤᠨ ᠬᠢᠨ ᠣᠷᠣᠯᠴᠠᠬᠤ ᠶᠢ ᠪᠠᠷᠢᠮᠲᠠᠯᠠᠬᠤ ᠬᠡᠷᠡᠭᠲᠡᠶ᠃ ᠤᠰᠤ᠂ ᠭᠠᠵᠠᠷ ᠰᠢᠷᠣᠶ᠂ ᠪᠡᠯᠡ ᠮᠥᠩᠭᠦ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ ᠣᠯᠠᠨ ᠨᠡᠶᠢᠲᠡ ᠪᠠᠷ ᠢᠶᠠᠨ ᠣᠷᠣᠯᠴᠠᠭᠰᠠᠨ᠂ ᠨᠡᠶᠢᠭᠡᠮ ᠨᠡᠶᠢᠲᠡ ᠪᠠᠷ ᠢᠶᠠᠨ ᠬᠠᠮᠵᠢᠯᠴᠠᠭᠰᠠᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠣᠭᠲᠠᠴᠠ ᠶᠢ ᠪᠠᠶᠢᠭᠤᠯᠵᠤ᠂ ᠭᠡᠷᠡᠯ ᠴᠡᠨᠡᠭ ᠤᠨ ᠲᠥᠷᠥᠯ ᠵᠦᠢᠯ ᠬᠢᠭᠡᠳ ᠠᠮᠢ ᠠᠬᠤᠶ ᠶᠢᠨ ᠵᠠᠰᠠᠯᠲᠠ ᠶᠢ ᠪᠦᠲᠦᠮᠵᠢᠲᠡᠶ ᠤᠶᠠᠯᠳᠤᠭᠤᠯᠬᠤ ᠶᠢ ᠲᠦᠯᠬᠢᠨ ᠠᠬᠢᠭᠤᠯᠤᠨ᠎ᠠ᠃      ︵ᠨᠢᠭᠡ︶ ᠬᠠᠶᠢᠨᠠᠨ ᠲᠣᠭᠤᠷᠢᠭ ᠤᠨ ᠬᠥᠪᠴᠢ - ᠮᠤᠤᠠᠤᠰᠤ ᠡᠯᠡᠰᠦᠨ ᠤ ᠡᠯᠡᠰᠦᠷᠬᠡᠭᠵᠢᠭᠰᠡᠨ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ      ᠬᠠᠲᠤᠨ ᠭᠤᠤᠯ ᠤᠨ ︽ᠬᠡᠳᠦᠨ ᠦᠰᠦᠭ ᠢᠶᠠᠷ ᠮᠤᠷᠦ᠋ᠢᠬᠤ︾ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠡᠯᠡᠰᠦᠷᠬᠡᠭᠵᠢᠭᠰᠡᠨ ᠪᠤᠰᠤ ᠭᠠᠵᠠᠷ ᠰᠢᠷᠣᠶ ᠶᠢᠨ ᠠᠮᠢ ᠠᠬᠤᠶ ᠶᠢ ᠰᠡᠷᠭᠦᠭᠡᠬᠦ ᠠᠵᠢᠯ ᠢ ᠰᠢᠰᠲ᠋ᠧᠮ ᠲᠠᠢ ᠥᠷᠨᠢᠭᠦᠯᠵᠦ᠂ ᠬᠥᠮᠦᠨ ᠤ ᠬᠦᠴᠦ ᠪᠠᠷ ᠡᠪᠡᠰᠦ ᠲᠠᠷᠢᠬᠤ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠯᠡᠰᠦᠷᠬᠡᠭᠵᠢᠭᠰᠡᠨ ᠪᠤᠰᠤ ᠭᠠᠵᠠᠷ ᠰᠢᠷᠣᠶ ᠶᠢᠨ ᠠᠮᠢ ᠠᠬᠤᠶ ᠶᠢ 2400 ᠮᠥ ᠵᠠᠰᠠᠨ ᠰᠡᠷᠭᠦᠭᠡᠬᠦ ᠶᠢ ᠪᠡᠶᠡᠯᠡᠭᠦᠯᠦᠨ᠎ᠡ᠃ ︵ᠲᠦᠷᠦᠭᠦᠯᠡᠨ ᠬᠢᠬᠦ ᠰᠠᠯᠠᠭ᠎ᠠ ᠮᠥᠴᠢᠷ᠄ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ︔ ᠬᠠᠷᠢᠭᠤᠴᠠᠯᠭᠠᠲᠤ ᠰᠠᠯᠠᠭ᠎ᠠ ᠮᠥᠴᠢᠷ᠄ ᠪᠠᠶᠠᠨᠲᠤᠬᠤᠢ ᠪᠠᠯᠭᠠᠰᠤ᠂  ᠭᠦᠬᠤᠰᠣ ᠪᠠᠯᠭᠠᠰᠤ᠃ ᠪᠠᠶᠠᠯᠠᠬᠦᠯᠬᠦ ᠴᠠᠭ ᠤᠨ ᠬᠢᠵᠠᠭᠠᠷ ᠨᠢ᠄ 2024 ᠣᠨ ᠤ ᠵᠢᠯ ᠤᠨ ᠰᠡᠬᠦᠯᠴᠢ ᠠᠴᠠ ᠡᠮᠤᠨ᠎ᠠ︶      ︵ᠬᠤᠶᠠᠷ︶ ᠬᠠᠶᠢᠨᠠᠨ ᠲᠣᠭᠤᠷᠢᠭ ᠤᠨ ᠰᠠᠨ ᠪᠧᠢ ᠢᠨᠵᠧᠨᠧᠷᠢᠩ ᠤᠨ ᠤᠢ ᠰᠢᠭᠤᠢ ᠡᠪᠡᠰᠦ ᠪᠡᠯᠴᠢᠭᠡᠷ ᠢ ᠨᠢᠭᠡ ᠴᠤᠭᠴᠠᠵᠢᠭᠤᠯᠤᠨ ᠬᠠᠮᠠᠭᠠᠯᠠᠨ ᠰᠡᠷᠭᠦᠭᠡᠬᠦ ᠲᠦᠷᠦᠯ ᠵᠦᠢᠯ      ᠡᠯᠡᠰᠦᠷᠬᠡᠭᠵᠢᠭᠰᠡᠨ ᠪᠤᠰᠤ ᠭᠠᠵᠠᠷ ᠰᠢᠷᠣᠶ ᠶᠢᠨ ᠠᠮᠢ ᠠᠬᠤᠶ ᠶᠢ ᠰᠡᠷᠭᠦᠭᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠪᠤᠲᠠᠯᠢᠭ ᠡᠪᠡᠰᠦ ᠪᠠᠷ ᠭᠤᠤᠯ ᠪᠣᠯᠭᠠᠭᠰᠠᠨ ᠤᠷᠭᠤᠮᠠᠯ ᠤᠨ ᠬᠤᠴᠢᠯᠭ᠎ᠠ ᠶᠢᠨ ᠰᠢᠰᠲ᠋ᠧᠮ ᠢ ᠪᠦᠲᠦᠭᠡᠨ ᠪᠠᠶᠢᠭᠤᠯᠵᠤ᠂ ᠡᠯᠡᠰᠦ ᠰᠢᠪᠠᠷ ᠢ ᠬᠠᠳᠤᠨ ᠭᠤᠤᠯ ᠳᠤ ᠣᠷᠣᠭᠤᠯᠬᠤ ᠶᠢ ᠪᠠᠭᠠᠰᠬᠠᠵᠤ᠂ ᠬᠡᠷᠡᠭᠵᠢᠭᠦᠯᠦᠭᠰᠡᠨ ᠲᠠᠯᠠᠪᠠᠶ ᠨᠢ 7100 ᠮᠥ ᠪᠠᠶᠢᠨ᠎ᠠ᠃ ᠣᠢ ᠮᠣᠳᠣ ᠶᠢ ᠰᠡᠷᠭᠦᠭᠡᠬᠦ ᠪᠠ ᠲᠠᠴᠢᠷᠳᠠᠭᠰᠠᠨ ᠨᠤᠲᠤᠭ ᠪᠡᠯᠴᠢᠭᠡᠷ ᠢ ᠰᠡᠷᠭᠦᠭᠡᠬᠦ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠤᠤᠯ ᠤᠨ ᠪᠠᠶᠢᠭᠰᠠᠨ ᠲᠠᠷᠢᠮᠠᠯ ᠣᠢ᠂ ᠪᠣᠳᠠ ᠮᠣᠳᠣ ᠪᠠ ᠲᠠᠴᠢᠷᠳᠠᠭᠰᠠᠨ ᠨᠤᠲᠤᠭ ᠪᠡᠯᠴᠢᠭᠡᠷ ᠢ ᠪᠦᠲᠦᠮᠵᠢᠲᠡᠶ ᠪᠠᠷ ᠵᠠᠰᠠᠬᠤ ᠪᠠ ᠰᠡᠷᠭᠦᠭᠡᠪᠡ᠃ ︵ᠲᠦᠷᠦᠭᠦᠯᠡᠨ ᠬᠢᠬᠦ ᠰᠠᠯᠠᠭ᠎ᠠ ᠮᠥᠴᠢᠷ᠄ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ︔ ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠣᠯᠠᠨ ᠨᠡᠶᠢᠲᠡ ᠶᠢᠨ ᠦᠢᠯᠡᠰ ᠤᠨ ᠬᠥᠭᠵᠢᠯᠲᠡ ᠶᠢᠨ ᠲᠥᠪ᠃ ᠪᠠᠶᠠᠯᠠᠬᠦᠯᠬᠦ ᠴᠠᠭ ᠤᠨ ᠬᠢᠵᠠᠭᠠᠷ ᠨᠢ᠄ 2024 ᠣᠨ ᠤ ᠵᠢᠯ ᠤᠨ ᠰᠡᠬᠦᠯᠴᠢ ᠠᠴᠠ ᠡᠮᠤᠨ᠎ᠠ︶      ︵ᠭᠤᠷᠪᠠ︶ ᠰᠠᠯᠬᠢᠨ ᠬᠦᠴᠦ ᠪᠠᠷ ᠴᠠᠬᠢᠯᠭᠠᠨ ᠭᠡᠷᠡᠯ ᠢᠶᠠᠷ ᠡᠯᠡᠰᠦ ᠶᠢ ᠵᠠᠰᠠᠬᠤ ᠲᠦᠷᠦᠯ ᠵᠦᠢᠯ      ᠥᠪᠡᠷᠲᠡᠭᠡᠨ ᠵᠠᠰᠠᠬᠤ ᠣᠷᠣᠨ ᠤ ᠵᠢᠷᠭᠤᠭᠠᠨ ᠲᠥᠷᠥᠯ ᠤᠨ ᠵᠠᠬ᠎ᠠ ᠳᠡᠯᠭᠡᠭᠦᠷᠴᠢᠯᠡᠭᠰᠡᠨ ᠰᠢᠨ᠎ᠡ ᠡᠨᠧᠷᠭᠢ ᠶᠢᠨ ᠬᠡᠷᠡᠭᠵᠢᠭᠦᠯᠬᠦ ᠨᠠᠷᠢᠨ ᠲᠦᠷᠢᠮ ᠤᠨ ᠱᠠᠭᠠᠷᠳᠠᠯᠭ᠎ᠠ ᠶᠣᠰᠣᠭᠠᠷ᠂ ᠬᠠᠶᠢᠨᠠᠨ ᠲᠣᠭᠤᠷᠢᠭ ᠤᠨ ᠡᠷᠬᠢᠨ ᠲᠣᠭᠤᠷᠢᠨ ᠤ ᠭᠠᠵᠠᠷ ᠣᠷᠣᠨ ᠤ ᠪᠣᠬᠢᠷᠲᠤᠯ ᠥᠬᠡᠶ ᠡᠨᠧᠷᠭᠢ ᠶᠢ ᠰᠢᠩᠭᠡᠭᠡᠨ ᠠᠪᠬᠤ ᠰᠠᠭᠤᠷᠢᠨ ᠭᠠᠵᠠᠷ ᠢ ᠪᠠᠶᠢᠭᠤᠯᠬᠤ ᠶᠢᠨ ᠲᠣᠭᠤᠷᠢᠨ ᠳᠤ᠂ ᠰᠢᠨ᠎ᠡ ᠡᠨᠧᠷᠭᠢ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠭᠠᠵᠠᠷ ᠰᠢᠷᠣᠶ ᠶᠢ ᠡᠷᠴᠢᠮᠵᠢᠭᠦᠯᠬᠦ᠂ ᠭᠠᠵᠠᠷ ᠰᠢᠷᠣᠶ ᠶᠢ ᠠᠷᠪᠢᠯᠠᠨ ᠬᠡᠷᠡᠭᠯᠡᠬᠦ ᠶᠢ ᠢᠳᠡᠪᠬᠢᠲᠡᠶ ᠬᠥᠲᠥᠯᠦᠨ ᠵᠢᠯᠣᠭᠤᠳᠴᠤ᠂ ᠵᠠᠬ᠎ᠠ ᠳᠡᠯᠭᠡᠭᠦᠷᠴᠢᠯᠡᠭᠰᠡᠨ ᠰᠢᠨ᠎ᠡ ᠡᠨᠧᠷᠭᠢ ᠶᠢᠨ ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠥᠷᠨᠢᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠤᠨ ᠨᠢᠭᠡ ᠴᠣᠭᠴᠠᠵᠢᠭᠤᠯᠤᠭᠰᠠᠨ ᠲᠥᠷᠥᠯ ᠵᠦᠶ᠋ᠯ ᠢ ᠤᠬᠠᠭᠠᠯᠠᠨ ᠰᠡᠳᠦᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠂ ᠨᠥᠬᠦᠴᠡᠯ ᠪᠥᠷᠢᠳᠦᠭᠰᠡᠨ ᠠᠵᠤ ᠠᠬᠤᠶᠢᠯᠠᠯ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠭᠠᠵᠠᠷ ᠰᠢᠷᠣᠶ ᠶᠢ ᠵᠠᠰᠠᠬᠤ ᠠᠵᠢᠯ ᠥᠷᠨᠢᠭᠦᠯᠬᠦ ᠶᠢ ᠵᠣᠷᠢᠭᠵᠢᠭᠤᠯᠤᠨ᠎ᠠ᠃ ᠮᠠᠨ ᠤ ᠲᠣᠭᠤᠷᠢᠭ ᠤᠨ ᠪᠣᠬᠢᠷᠳᠤᠯ ᠦᠭᠡᠢ ᠴᠠᠬᠢᠯᠭᠠᠨ ᠢ ᠪᠠᠭᠲᠠᠭᠠᠨ ᠰᠢᠩᠭᠡᠭᠡᠬᠦ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠤᠯᠤᠰ ᠤᠨ ᠰᠢᠦᠸᠠᠨ ᠤ 30 ᠲᠦᠮᠡᠨ ᠺᠢᠯᠣᠸᠠᠲ ᠤᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠳᠤᠯ ᠦᠭᠡᠢ ᠴᠠᠬᠢᠯᠭᠠᠨ ᠬᠠᠩᠭᠠᠬᠤ ᠲᠥᠷᠥᠯ ᠵᠦᠢᠯ ᠢᠶᠠᠷ ᠭᠠᠷᠳᠠᠬᠤ ᠴᠡᠭ ᠪᠣᠯᠭᠠᠵᠤ᠂ ᠣᠷᠣᠨ ᠪᠦᠰᠡ ᠶᠢᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠲᠥᠷᠥᠯ ᠵᠦᠢᠯ ᠤᠨ ᠬᠠᠮᠲᠤᠷᠠᠯᠴᠠᠭ᠎ᠠ ᠶᠢ ᠭᠦᠨᠵᠡᠭᠡᠢ ᠥᠷᠨᠢᠭᠦᠯᠵᠦ᠂ ᠬᠠᠶᠢᠨᠠᠨ ᠲᠣᠭᠤᠷᠢᠭ ᠤᠨ ᠪᠣᠬᠢᠷᠳᠤᠯ ᠦᠭᠡᠢ ᠡᠨᠧᠷᠭᠢ ᠶᠢ ᠰᠢᠩᠭᠡᠭᠡᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠣᠷᠣᠨ ᠪᠦᠰᠡ ᠶᠢᠨ ᠴᠠᠬᠢᠯᠭᠠᠨ ᠲᠣᠣᠷ ᠤᠨ ᠪᠦᠲᠦᠴᠡ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠤᠨ ᠳᠣᠲᠣᠷᠠᠬᠢ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠵᠢᠴᠢ ᠡᠷᠬᠢᠨ ᠲᠣᠭᠤᠷᠢᠨ ᠤ ᠪᠣᠬᠢᠷᠳᠤᠯ ᠦᠭᠡᠢ ᠴᠠᠬᠢᠯᠭᠠᠨ ᠤ ᠲᠥᠷᠥᠯ ᠵᠦᠢᠯ ᠤᠨ ᠲᠣᠣᠷ ᠲᠤ ᠨᠡᠶᠢᠯᠡᠭᠦᠯᠦᠨ ᠬᠦᠷᠭᠡᠬᠦ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠣᠯᠭᠠᠨ᠎ᠠ᠃ ︵ᠲᠦᠷᠦᠭᠦᠯᠡᠨ ᠬᠢᠬᠦ ᠰᠠᠯᠠᠭ᠎ᠠ ᠮᠥᠴᠢᠷ᠄ ᠣᠷᠣᠨ ᠤ ᠡᠨᠧᠷᠭᠢ ᠶᠢᠨ ᠲᠣᠪᠴᠢᠶ᠎ᠠ︔ ᠬᠠᠮᠵᠢᠯᠴᠠᠬᠤ ᠰᠠᠯᠠᠭ᠎ᠠ ᠮᠥᠴᠢᠷ᠄ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ︔ ᠬᠠᠷᠢᠭᠤᠴᠠᠯᠭᠠᠲᠤ ᠰᠠᠯᠠᠭ᠎ᠠ ᠮᠥᠴᠢᠷ᠄ ᠬᠠᠶᠢᠨᠠᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠃ ᠪᠡᠶᠡᠯᠡᠬᠦᠯᠬᠦ ᠴᠠᠭ ᠬᠤᠭᠤᠴᠠᠭ᠎ᠠ᠄ 2024 ᠣᠨ ᠤ ᠡᠴᠦᠰ ᠲᠤ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠤᠯᠪᠠ︶      ᠭᠤᠷᠪᠠ᠂ ᠠᠵᠢᠯ ᠤᠨ ᠲᠣᠭᠲᠠᠴᠠ      ︵ᠨᠢᠭᠡ︶ ᠪᠠᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠢᠨᠠᠨ ᠤ ᠬᠤᠪᠢᠶᠠᠷᠢ ᠲᠣᠪᠴᠢᠶ᠎ᠠ ᠠᠮᠢ ᠠᠬᠤᠢ ᠶᠢ ᠰᠡᠷᠭᠦᠭᠡᠬᠦ ᠮᠡᠷᠭᠡᠵᠢᠯ ᠤᠨ ᠵᠢᠯᠣᠭᠤᠳᠤᠯᠭ᠎ᠠ ᠬᠢᠵᠦ ᠠᠵᠤ ᠠᠬᠤᠢᠯᠠᠯ ᠢ ᠬᠥᠲᠥᠯᠦᠨ ᠵᠢᠯᠣᠭᠤᠳᠴᠤ ᠱᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠵᠠᠰᠠᠬᠤ ᠶᠢ ᠬᠠᠷᠢᠭᠤᠴᠠᠨ᠎ᠠ᠃ ᠣᠷᠣᠨ ᠤ ᠡᠨᠧᠷᠭᠢ ᠶᠢᠨ ᠲᠣᠪᠴᠢᠶ᠎ᠠ ᠲᠥᠷᠥᠯ ᠵᠦᠢᠯ ᠢ ᠳᠠᠩᠰᠠᠯᠠᠭᠤᠯᠬᠤ ᠠᠵᠢᠯ ᠢ ᠰᠠᠶᠢᠲᠤᠷ ᠬᠢᠵᠦ᠂ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠭᠤᠣᠯ ᠴᠣᠭᠴᠠ ᠶᠢ ᠰᠢᠮᠳᠠᠭᠤᠯᠵᠤ ᠪᠠᠶᠢᠭᠠᠳ ᠭᠡᠷᠡᠯ ᠴᠡᠨᠡᠭ ᠤᠨ ᠲᠥᠷᠥᠯ ᠵᠦᠢᠯ ᠤᠨ ᠰᠠᠭᠤᠷᠢ ᠬᠡᠯᠪᠡᠷᠢ ᠮᠠᠶ᠋ᠢᠭ᠂ ᠵᠢᠭᠰᠠᠭᠠᠯ ᠤᠨ ᠬᠤᠭᠤᠷᠣᠨᠳᠣᠬᠢ ᠵᠠᠶ᠂ ᠭᠠᠵᠠᠷ ᠠᠴᠠ ᠰᠠᠯᠬᠤ ᠵᠡᠷᠭᠡ ᠵᠢᠷᠤᠭ ᠲᠥᠯᠥᠪᠯᠡᠭᠡ ᠶᠢ ᠰᠢᠯᠢᠳᠡᠭᠵᠢᠭᠦᠯᠵᠦ᠂ ᠲᠡᠷᠢᠭᠦᠨ ᠤ ᠵᠠᠭᠪᠤᠷ ᠪᠠ ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠲᠥᠷᠥᠯ ᠵᠦᠢᠯ ᠤᠨ ᠲᠥᠯᠥᠪᠵᠢᠭᠦᠯᠭᠡ ᠵᠢᠷᠤᠭ ᠲᠥᠯᠥᠪᠯᠡᠭᠡ᠂ ᠪᠠᠷᠢᠯᠭ᠎ᠠ ᠪᠠᠷᠢᠬᠤ ᠪᠦᠲᠦᠭᠡᠨ ᠪᠠᠶᠢᠭᠤᠯᠤᠯᠲᠠ᠂ ᠰᠢᠯᠭᠠᠨ ᠦᠨᠡᠯᠡᠵᠦ ᠰᠢᠯᠭᠠᠨ ᠠᠪᠬᠤ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠵᠡᠷᠭᠡ ᠳᠡᠰ ᠳᠠᠷᠠᠭᠠᠯᠠᠯ ᠢ ᠵᠢᠷᠤᠮᠵᠢᠭᠤᠯᠤᠨ᠎ᠠ᠃      ︵ᠬᠤᠶᠠᠷ︶ ᠰᠢᠨ᠎ᠡ ᠡᠨᠧᠷᠭᠢ ᠶᠢᠨ ᠨᠡᠭᠡᠭᠡᠯᠲᠡ ᠶᠢᠨ ᠠᠵᠤ ᠠᠬᠤᠶᠢᠯᠠᠯ᠂ ᠠᠮᠢ ᠠᠬᠤᠶ ᠶᠢᠨ ᠵᠠᠰᠠᠯᠲᠠ ᠶᠢᠨ ᠠᠵᠤ ᠠᠬᠤᠶᠢᠯᠠᠯ ᠵᠡᠷᠭᠡ ᠶᠢ ᠬᠡᠷᠡᠭᠵᠢᠭᠦᠯᠬᠦ ᠭᠤᠤᠯ ᠴᠣᠭᠴᠠ ᠨᠢ ᠬᠠᠮᠢᠶ᠎ᠠ ᠪᠥᠬᠦᠶ ᠲᠦᠷᠢᠮ᠂ ᠪᠠᠷᠢᠮᠵᠢᠶ᠎ᠠ ᠪᠠ ᠪᠣᠯᠵᠣᠨ ᠲᠣᠭᠲᠠᠭᠰᠠᠨ ᠱᠠᠭᠠᠷᠳᠠᠯᠭ᠎ᠠ ᠶᠣᠰᠣᠭᠠᠷ ᠨᠢᠭᠡ ᠴᠤᠭᠴᠠᠵᠢᠭᠤᠯᠤᠭᠰᠠᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠳ ᠪᠦᠲᠦᠭᠡᠨ ᠪᠠᠶᠢᠭᠤᠯᠬᠤ ᠪᠠᠷᠢᠮᠵᠢᠶ᠎ᠠ ᠶᠢ ᠬᠡᠯᠪᠡᠷᠢ ᠶᠢ ᠨᠢ ᠥᠭᠡᠷᠡᠲᠦᠭᠦᠯᠦᠨ ᠪᠠᠭᠤᠷᠠᠭᠤᠯᠬᠤ ᠶᠢ ᠴᠢᠩᠭ᠎ᠠ ᠴᠠᠭᠠᠵᠠᠯᠠᠵᠤ᠂ ᠨᠢᠭᠡ ᠴᠣᠭᠴᠠᠵᠢᠭᠤᠯᠤᠭᠰᠠᠨ ᠬᠡᠷᠡᠯ ᠴᠡᠨᠡᠭ ᠤᠨ ᠲᠥᠷᠥᠯ ᠵᠦᠢᠯ ᠤᠨ ᠲᠣᠭᠲᠠᠭᠠᠯ ᠶᠣᠰᠣᠭᠠᠷ ᠥᠨᠳᠥᠷ ᠦᠷ᠎ᠡ ᠪᠦᠲᠦᠮᠵᠢᠲᠡᠶ ᠪᠠᠷ ᠪᠦᠲᠦᠭᠡᠨ ᠪᠠᠶᠢᠭᠤᠯᠬᠤ ᠶᠢ ᠪᠠᠲᠤᠯᠠᠬᠤ ᠬᠡᠷᠡᠭᠲᠡᠢ᠃      ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠃ ᠵᠠᠰᠠᠭ ᠤᠨ ᠣᠷᠳᠣᠨ ᠠᠴᠠ ᠨᠢᠭᠡᠳᠦᠯᠲᠡᠶ ᠲᠥᠯᠥᠪᠯᠡᠬᠦ ᠶᠢ ᠪᠠᠷᠢᠮᠲᠠᠯᠠᠨ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠤᠨ ᠨᠡᠶᠢᠯᠡᠯ ᠬᠦᠴᠦᠨ ᠢ ᠨᠢᠭᠲᠠᠷᠠᠭᠤᠯᠤᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠤᠨ ᠠᠵᠢᠯ ᠤᠨ ᠲᠤᠰᠬᠠᠶ ᠳᠤᠭᠤᠶᠢᠯᠠᠩ ᠢ ᠪᠠᠶᠢᠭᠤᠯᠵᠤ᠂ ᠲᠤᠭᠤᠷᠢᠭ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠲᠤᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠢᠶᠠᠷ ᠪᠦᠷᠢᠯᠳᠦᠬᠦᠨ ᠪᠣᠯᠭᠠᠨ᠎ᠠ᠃ ᠡᠯ᠎ᠡ ᠪᠦᠷᠢᠯᠳᠦᠬᠦᠨ ᠨᠢᠭᠡᠴᠡ ᠨᠦᠭᠦᠳ ᠲᠣᠰ ᠰᠠᠯᠠᠭ᠎ᠠ ᠮᠥᠴᠢᠷ ᠤᠨ ᠢᠶᠠᠨ ᠠᠵᠢᠯ ᠲᠥᠷᠥᠯ ᠤᠨ ᠵᠢᠯᠣᠭᠤᠳᠬᠤ ᠡᠭᠦᠷᠭᠡ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠢ ᠶᠡᠷᠦᠩᠬᠡᠶᠢᠯᠡᠨ ᠵᠠᠰᠠᠬᠤ ᠪᠠ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠶ᠃      ︵ᠬᠤᠶᠠᠷ︶ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠬᠤ ᠶᠢ ᠴᠢᠩᠭᠠᠳᠬᠠᠨ᠎ᠠ᠃ ᠡᠨᠧᠷᠭᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠭᠡᠷᠡᠯ ᠴᠡᠨᠡᠭ ᠢᠶᠠᠷ ᠡᠯᠡᠰᠦ ᠶᠢ ᠵᠠᠰᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠢ ᠬᠢᠨᠠᠨ ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠢ᠃ ᠬᠥᠭᠵᠢᠭᠦᠯᠦᠯᠲᠡ ᠥᠭᠡᠷᠡᠴᠢᠯᠡᠯᠲᠡ᠂ ᠡᠨᠧᠷᠭᠢ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠵᠣᠬᠢᠴᠠᠭᠤᠯᠤᠨ ᠬᠠᠮᠲᠤᠷᠠᠯᠴᠠᠵᠤ᠂ ᠬᠡᠷᠡᠯ ᠴᠡᠨᠡᠭ ᠢᠶᠠᠷ ᠡᠯᠡᠰᠦ  ᠶᠢ ᠵᠠᠰᠠᠬᠤ  ᠲᠥᠷᠥᠯ  ᠵᠦᠢᠯ  ᠤᠨ ᠨᠠᠶᠢᠳᠠᠪᠤᠷᠢᠵᠢᠭᠤᠯᠤᠯᠲᠠ  ᠶᠢ  ᠬᠠᠮᠲᠤ  ᠪᠠᠷ  ᠠᠬᠢᠭᠤᠯᠬᠤ ᠬᠡᠷᠡᠭᠲᠡᠶ᠃      ︵ᠭᠤᠷᠪᠠ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠲᠧᠯᠸᠢᠰ᠂ ᠰᠢᠨ᠎ᠡ ᠵᠠᠭᠤᠴᠢᠯᠠᠭᠤᠷ ᠵᠡᠷᠭᠡ ᠲᠠᠪᠴᠠᠩ ᠢ ᠠᠰᠢᠭᠯᠠᠨ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠵᠡᠷᠭᠡ ᠠᠮᠢ ᠠᠬᠤᠶ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠤᠬᠠᠭᠤᠯᠭ᠎ᠠ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠲᠡᠷᠢᠭᠦᠨ ᠤ ᠨᠡᠶᠢᠲᠡᠯᠢᠭ ᠵᠢᠱᠢᠶ᠎ᠡ᠂ ᠤᠬᠠᠭᠤᠯᠭ᠎ᠠ ᠵᠡᠷᠭᠡ ᠡᠷᠴᠢᠮ ᠢ ᠴᠢᠩᠭᠠᠷᠠᠭᠤᠯᠤᠨ᠂ ᠪᠥᠬᠦ ᠨᠡᠶᠢᠭᠡᠮ ᠢ ᠬᠥᠲᠥᠯᠦᠨ ᠵᠢᠯᠣᠭᠤᠳᠴᠤ ᠪᠠᠶᠢᠭᠠᠳ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠳᠤ ᠣᠷᠣᠯᠴᠠᠭᠤᠯᠤᠨ᠎ᠠ᠃      ᠲᠣᠰ ᠲᠥᠰᠦᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ︽︿ᠬᠠᠶᠢᠨᠠᠨ ᠲᠣᠭᠤᠷᠢᠭ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠬᠡᠷᠡᠯ ᠴᠡᠨᠡᠭ ᠢ ᠨᠢᠭᠡ ᠴᠤᠭᠴᠠᠵᠢᠭᠤᠯᠬᠤ ᠢᠨᠵᠧᠨᠧᠷᠢᠩ ᠤᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠶᠠᠪᠤᠭᠤᠯᠬᠤ ᠲᠤᠬᠠᠶ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠵᠠᠰᠠᠭ ᠠᠯᠪᠠᠨ ᠲᠠᠷᠬᠠᠭᠠᠭᠰᠠᠨ ﹇2020﹈ 9 ᠳ᠋ᠦᠭᠡᠷ ᠲᠣᠭᠠᠲᠤ︶ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃
政府公报内页2.jpg
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号