ᠦᠰᠦᠭᠲᠦ ᠲᠠᠶᠢᠯᠤᠮᠵᠢ᠄ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠨᠡᠷᠡᠰ ᠤᠨ ᠲᠤᠬᠠᠶ ᠵᠠᠷᠯᠠᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/1/26
      ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢᠨ ᠨᠡᠷᠡᠰ ᠤᠨ ᠲᠤᠬᠠᠶ ᠵᠠᠷᠯᠠᠨ ᠨᠡᠶᠢᠲᠡᠯᠡᠬᠦ ᠲᠤᠬᠠᠶ      ᠨᠢᠭᠡ᠂ ᠶᠠᠭᠤ ᠶᠢ ᠬᠠᠤᠯᠢ ᠬᠡᠷᠡᠭᠵᠢᠭᠦᠯᠬᠦ ᠭᠤᠣᠯ ᠴᠣᠭᠴᠠ ᠭᠡᠬᠦ ᠪᠤᠢ︖      ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠡᠶᠡᠴᠢ ᠴᠣᠭᠴᠠ ᠭᠡᠳᠡᠭ ᠨᠢ ᠬᠠᠤᠯᠢ ᠶᠣᠰᠣᠭᠠᠷ ᠪᠠᠶᠢᠭᠤᠯᠤᠭᠰᠠᠨ᠂ ᠬᠠᠤᠯᠢ ᠶᠣᠰᠣᠭᠠᠷ ᠵᠠᠰᠠᠭ ᠵᠠᠬᠢᠷᠭᠠᠨ ᠤ ᠡᠷᠬᠡ ᠲᠤᠰᠢᠶᠠᠯ ᠢ ᠡᠳ᠋ᠯᠡᠭᠰᠡᠨ᠂ ᠥᠪᠡᠷ ᠤᠨ ᠨᠡᠷ᠎ᠡ ᠪᠠᠷ ᠵᠠᠰᠠᠭ ᠵᠠᠬᠢᠷᠭᠠᠨ ᠤ ᠬᠠᠮᠢᠶᠠᠷᠤᠯᠲᠠ ᠶᠢ ᠬᠡᠷᠡᠭᠵᠢᠭᠦᠯᠦᠭᠰᠡᠨ ᠤ ᠬᠠᠮᠲᠤ ᠵᠣᠬᠢᠴᠠᠩᠭᠤᠶ ᠪᠦᠬᠦᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠭᠰᠡᠨ ᠵᠠᠰᠠᠭ ᠵᠠᠬᠢᠷᠭᠠᠨ ᠤ ᠪᠠᠶᠢᠭᠤᠯᠤᠯᠭ᠎ᠠ ᠪᠣᠯᠤᠨ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠶᠢ ᠵᠢᠭᠠᠵᠤ ᠪᠤᠶ᠃      ᠬᠤᠶᠠᠷ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢ ᠨᠡᠶᠢᠲᠡᠯᠡᠬᠦ ᠶᠢᠨ ᠴᠢᠬᠤᠯᠠ ᠴᠢᠨᠠᠷ ᠨᠢ ᠶᠠᠭᠤ ᠪᠤᠢ︖      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠳᠦᠷᠢᠮ︾ ᠤᠨ ᠠᠷᠪᠠᠨ ᠭᠤᠷᠪᠠᠳᠤᠭᠠᠷ ᠵᠦᠢᠯ ᠳᠤ᠂ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠬᠢᠷᠢ ᠬᠡᠮ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠳᠦᠷᠢᠮ︾᠂ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠬᠠᠤᠯᠢ ᠬᠡᠷᠡᠭᠵᠢᠭᠦᠯᠬᠦ ᠦᠨᠳᠦᠰᠦᠯᠡᠯ᠂ ᠡᠭᠦᠷᠭᠡ ᠴᠢᠳᠠᠪᠤᠷᠢ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠲᠥᠰᠦᠯ ᠵᠡᠷᠭᠡ ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠪᠠᠶᠢᠴᠠᠭᠠᠯᠭᠠᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠨᠤᠲᠠᠯᠠᠭᠤᠯᠤᠭᠰᠠᠨ ᠤ ᠳᠠᠷᠠᠭ᠎ᠠ ᠵᠠᠷᠯᠠᠨ ᠨᠡᠶᠢᠲᠡᠯᠡᠨ᠎ᠡ︾ ᠭᠡᠵᠦ ᠲᠣᠭᠲᠠᠭᠠᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠳᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ ᠪᠠᠲᠤᠯᠠᠬᠤ ᠶᠢᠨ ᠲᠤᠰᠠᠳᠠ ᠡᠷᠬᠡᠪᠰᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢ ᠨᠡᠶᠢᠭᠡᠮ ᠳᠤ ᠨᠡᠶᠢᠲᠡᠯᠡᠵᠦ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠳᠦᠷᠢᠮ ᠤᠨ ᠪᠠᠶᠢᠭᠤᠯᠤᠮᠵᠢ ᠶᠢᠨ ᠬᠢᠨᠠᠨ ᠬᠠᠷᠭᠤᠭᠤᠯᠵᠤ ᠨᠤᠲᠠᠯᠠᠬᠤ ᠪᠠ ᠲᠤᠰ ᠱᠠᠲᠤᠨ ᠤ ᠵᠠᠰᠠᠭ ᠤᠨ ᠣᠷᠳᠣᠨ ᠠᠴᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢᠨ ᠬᠢᠷᠢ ᠭᠡᠮ ᠢ ᠨᠡᠶᠢᠲᠡᠯᠡᠭᠰᠡᠨ ᠦᠭᠡᠶ ᠪᠣᠯ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ ᠪᠣᠯᠬᠤ ᠦᠭᠡᠶ᠃      ᠭᠤᠷᠪᠠ᠂ ᠭᠤᠤᠯ ᠴᠣᠭᠴᠠ ᠶᠢ ᠢᠯᠭᠠᠷᠠᠭᠤᠯᠤᠨ ᠲᠣᠳᠣᠯᠠᠬᠤ ᠬᠡᠪᠴᠢᠶ᠎ᠡ      ᠪᠦᠬᠦ ᠲᠣᠭᠤᠷᠢᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠬᠠᠷᠢᠶ᠎ᠠ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ᠂ ᠪᠣᠳᠠᠲᠠᠶ ᠪᠠᠭᠲᠠᠬᠤ ᠨᠢ᠄ ᠬᠠᠤᠯᠢ ᠪᠠᠷ ᠲᠣᠭᠲᠠᠭᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠲᠠᠢ ᠵᠠᠰᠠᠭ ᠵᠠᠬᠢᠷᠭᠠᠨ ᠤ ᠪᠠᠶᠢᠭᠤᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠬᠡᠷᠡᠭᠵᠢᠭᠦᠯᠬᠦ ᠵᠣᠬᠢᠶᠠᠨ ᠪᠠᠶᠢᠭᠤᠯᠤᠯᠲᠠ ᠨᠢ ᠬᠠᠤᠯᠢ ᠶᠣᠰᠣᠭᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠬᠡᠷᠡᠭᠵᠢᠭᠦᠯᠬᠦ ᠵᠣᠬᠢᠶᠠᠨ ᠪᠠᠶᠢᠭᠤᠯᠤᠯᠲᠠ ᠪᠣᠯᠤᠨ᠎ᠠ᠃      ᠳᠥᠷᠪᠡ᠂ ᠭᠤᠤᠯ ᠴᠣᠭᠴᠠ ᠶᠢ ᠢᠯᠭᠠᠷᠠᠭᠤᠯᠬᠤ ᠶᠢᠨ ᠴᠢᠬᠤᠯᠠ ᠠᠴᠢ ᠬᠤᠯᠪᠣᠭᠳᠠᠯ      ᠲᠤᠭᠤᠷᠢᠭ ᠤᠨ ᠲᠣᠰ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢᠨ ᠬᠢᠷᠢ ᠬᠡᠮ ᠢ ᠬᠠᠤᠯᠢ ᠶᠣᠰᠣᠭᠠᠷ ᠨᠤᠲᠠᠯᠠᠵᠤ᠂ ᠴᠢᠩᠭ᠎ᠠ ᠵᠢᠷᠤᠮᠵᠢᠯ ᠲᠠᠢ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠪᠦᠲᠦᠮᠵᠢᠲᠡᠶ ᠠᠬᠢᠭᠤᠯᠵᠤ᠂ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠬᠠᠮᠠᠭᠠᠯᠠᠨ᠂ ᠨᠠᠩ ᠢᠯᠡ ᠲᠣᠳᠣ᠂ ᠵᠢᠷᠤᠮᠵᠢᠯ ᠲᠠᠢ ᠡᠮᠬᠢ ᠵᠢᠷᠤᠮ ᠲᠠᠢ᠂ ᠲᠥᠪ ᠭᠤᠤᠯᠴᠢ ᠥᠨᠳᠥᠷ ᠪᠦᠲᠦᠮᠵᠢᠲᠡᠶ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠪᠣᠶ ᠪᠣᠯᠭᠠᠵᠤ ᠪᠣᠯᠤᠨ᠎ᠠ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号