ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠨᠠᠨ ᠲᠤᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶᠠᠨ ᠤ ᠠᠷᠪᠠᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2025/1/8
      ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠨᠠᠨ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠬᠤᠷᠢᠶ᠎ᠠ ᠶᠢᠨ ᠠᠷᠪᠠᠳᠤᠭᠠᠷ ᠪᠦᠬᠦᠳᠡ ᠬᠤᠷᠠᠯ ᠵᠢᠴᠢ ᠪᠦᠬᠦ ᠲᠣᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠢ 2025 ᠣᠨ ᠤ 1 ᠰᠠᠷ᠎ᠠ ᠶᠢᠨ 3 ᠤ ᠡᠳᠦᠷ ᠬᠤᠷᠠᠯᠳᠤᠭᠤᠯᠪᠠ᠃ ᠡᠨᠡ ᠤᠳᠠᠭᠠᠨ ᠤ ᠪᠥᠬᠦᠳᠡ ᠬᠤᠷᠠᠯ ᠳᠤ ᠲᠤᠭᠤᠷᠢᠭ ᠤᠨ ᠨᠠᠮ ᠤᠨ ᠬᠤᠷᠢᠶᠠᠨ ᠤ ᠭᠡᠰᠢᠭᠦᠨ 26 ᠬᠥᠮᠦᠨ᠂ ᠣᠷᠣᠯᠠᠭᠴᠢ ᠭᠡᠰᠢᠭᠦᠨ 3 ᠬᠥᠮᠦᠨ ᠣᠷᠣᠯᠴᠠᠪᠠ᠃ ᠲᠣᠭᠤᠷᠢᠭ ᠤᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠣᠯᠤᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ᠂ ᠬᠡᠰᠡᠭ ᠲᠣᠭᠤᠷᠢᠭ ᠤᠨ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠬᠡᠰᠡᠭ ᠦᠨᠳᠦᠰᠦᠨ ᠱᠠᠲᠤᠨ ᠤ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠬᠤᠷᠠᠯ ᠳᠤ ᠰᠤᠯᠠ ᠣᠷᠣᠯᠴᠠᠪᠠ᠃      ᠪᠦᠬᠦᠳᠡ ᠬᠤᠷᠠᠯ ᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠪᠠᠢ ᠴᠦᠨ ᠯᠸᠢ ᠲᠤᠰ ᠲᠤᠰ ᠶᠠᠷᠢᠶ᠎ᠠ ᠲᠠᠯᠪᠢᠪᠠ᠃
1.jpg
      ᠪᠥᠬᠦᠳᠡ ᠬᠤᠷᠠᠯ ᠠᠴᠠ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2024 ᠣᠨ ᠤ ᠠᠵᠢᠯ ᠤᠨ ᠲᠤᠬᠠᠶ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ 2025 ᠣᠨ ᠤ ᠭᠤᠤᠯᠳᠠᠯᠭ᠎ᠠ ᠲᠠᠢ ᠠᠵᠢᠯ ᠢ ᠪᠠᠶᠢᠷᠢᠯᠠᠭᠤᠯᠵᠤ᠂ ︽2024 ᠣᠨ ᠤ ᠬᠠᠶᠢᠨᠠᠨ ᠲᠣᠭᠤᠷᠢᠭ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ︾᠂ ︽2024 ᠣᠨ ᠤ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠪᠠ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠮᠡᠳᠡᠭᠦᠯᠦᠯᠲᠡ︾᠂ ︽ᠬᠠᠶᠢᠨᠠᠨ ᠲᠣᠭᠤᠷᠢᠭ ᠤᠨ ᠪᠠᠯᠭᠠᠰᠤ᠂ ᠵᠡᠭᠡᠯᠢ ᠭᠤᠳᠤᠮᠵᠢ ᠶᠢᠨ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠲᠣᠬᠢᠷᠠᠭᠤᠯᠤᠯᠲᠠ ᠶᠢᠨ ᠲᠥᠰᠦᠯ︾ ᠢ ᠬᠢᠨᠠᠨ ᠵᠥᠪᠯᠡᠵᠦ ᠪᠠᠲᠤᠯᠠᠪᠠ᠃ ᠪᠥᠬᠦᠳᠡ ᠬᠤᠷᠠᠯ ᠠᠴᠠ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠩᠭᠡᠷᠡᠭᠰᠡᠨ ᠨᠢᠭᠡ ᠵᠢᠯ ᠤᠨ ᠠᠵᠢᠯ ᠢ ᠭᠦᠢᠴᠡᠳ ᠨᠤᠲᠠᠯᠠᠪᠠ᠃ 2024 ᠣᠨ ᠳᠤ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ︽ᠨᠢᠭᠡ ᠭᠤᠣᠯ ᠰᠢᠵᠢᠮ ᠢ ᠲᠤᠤᠱᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠵᠠᠮ ᠢ ᠨᠡᠭᠡᠭᠡᠵᠦ᠂ ᠳᠤᠮᠳᠠ ᠤᠷᠤᠰᠬᠠᠯ ᠳᠤ ᠣᠷᠣᠬᠤ︾ ᠪᠠ ᠦᠬᠠᠶ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠡᠳᠬᠢᠮᠵᠢ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠢ ᠨᠠᠷᠢᠨ ᠬᠢᠨᠠᠮᠠᠭᠠᠶ ᠠᠬᠢᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠡᠷᠡᠰ ᠭᠤᠶᠢᠪᠢᠰᠢ ᠦᠭᠡᠢ ᠨᠡᠮᠡᠭᠳᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠠᠵᠤ ᠠᠬᠤᠶ ᠨᠡᠶᠢᠭᠡᠮ ᠤᠨ ᠡᠯ᠎ᠡ ᠵᠦᠢᠯ ᠤᠨ ᠦᠢᠯᠡᠰ ᠴᠥᠮ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠪᠠ᠃      ᠪᠦᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ︽ᠨᠢᠭᠡ ᠭᠤᠣᠯ ᠰᠢᠵᠢᠮ ᠢ ᠲᠤᠤᠱᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠵᠠᠮ ᠢ ᠨᠡᠭᠡᠭᠡᠵᠦ ᠳᠤᠮᠳᠠ ᠵᠤᠭᠠᠴᠠᠯ ᠳᠤ ᠣᠷᠣᠭᠤᠯᠬᠤ︾ ᠬᠠᠷᠠᠯᠲᠠ ᠡᠭᠦᠷᠭᠡ ᠪᠣᠯᠤᠨ ᠦᠬᠠᠢ ᠬᠤᠳᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠵᠤ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ ᠲᠥᠪ ᠭᠤᠣᠯᠴᠢ ᠪᠠᠷ ᠰᠢᠨ᠎ᠡ ᠶᠢ ᠡᠭᠦᠳᠬᠦ᠂ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠡᠬᠢ ᠪᠠᠶᠠᠯᠢᠭ ᠤᠨ ᠬᠡᠯᠪᠡᠷᠢ ᠶᠢᠨ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠲᠠᠯ᠎ᠠ ᠪᠠᠷ ᠰᠢᠪᠲᠤᠯᠤᠯᠲᠠ ᠭᠠᠷᠭᠠᠵᠤ᠂ ᠵᠢᠱᠢᠶ᠎ᠡ ᠦᠵᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠠᠶᠢᠨᠠᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠪᠠᠷ ᠴᠢᠷᠮᠠᠶᠢᠨ᠎ᠠ ᠬᠡᠵᠡᠢ᠃      ᠪᠦᠬᠦᠳᠡ ᠬᠤᠷᠠᠯ ᠠᠴᠠ᠂ ᠪᠦᠬᠦ ᠲᠤᠭᠤᠷᠢᠭ ᠤᠨ ᠡᠯ᠎ᠡ ᠱᠠᠲᠤᠨ ᠤ ᠬᠢᠨ ᠭᠤᠣᠯ ᠱᠤᠭᠤᠮ ᠤᠨ ᠱᠠᠭᠠᠷᠳᠠᠯᠭ᠎ᠠ ᠶᠢ ᠡᠷᠡᠰ ᠭᠤᠶᠢᠪᠢᠰᠢ ᠦᠭᠡᠢ ᠪᠦᠬᠦ ᠲᠠᠯ᠎ᠠ ᠪᠠᠷ ᠲᠤᠭᠤᠰᠢᠯᠠᠭᠤᠯᠵᠤ᠂ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠲᠣᠭᠲᠠᠭᠠᠭᠰᠠᠨ ︽ᠠᠷᠪᠠᠨ ᠵᠦᠢᠯ ᠤᠨ ᠭᠤᠣᠯᠳᠠᠯᠭ᠎ᠠ ᠲᠠᠢ ᠠᠵᠢᠯ︾ ᠢ ᠦᠷᠭᠦᠯᠵᠢᠯᠡᠨ ᠭᠦᠨᠵᠡᠭᠡᠶᠢᠷᠡᠭᠦᠯᠦᠨ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠤᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ ᠪᠡᠶᠡᠯᠡᠭᠦᠯᠬᠦ ᠬᠡᠷᠡᠭᠲᠡᠢ᠃ ᠨᠢᠭᠡ ᠳᠤ᠂ ᠠᠵᠤ ᠠᠬᠤᠢ ᠶᠢ ᠠᠳᠬᠤᠵᠤ᠂ ᠨᠡᠮᠡᠭᠳᠡᠯ ᠢ ᠲᠣᠭᠲᠠᠪᠤᠷᠢᠵᠢᠭᠤᠯᠵᠤ᠂ ᠴᠢᠬᠤᠯᠠ ᠶᠡᠭᠡ ᠲᠦᠷᠦᠯ ᠵᠦᠢᠯ ᠢ ᠬᠡᠷᠡᠭᠵᠢᠭᠦᠯᠬᠦ ᠲᠥᠯᠥᠪᠵᠢᠭᠦᠯᠭᠡ ᠶᠢᠨ ᠠᠵᠢᠯᠯᠠᠭ᠎ᠠ ᠶᠢ ᠠᠬᠢᠭᠤᠯᠵᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠪᠡᠯᠡ ᠣᠷᠣᠭᠤᠯᠤᠯᠲᠠ ᠶᠢ ᠥᠷᠭᠡᠳᠬᠡᠵᠦ᠂ ᠣᠷᠣᠯᠭ᠎ᠠ ᠶᠢ ᠲᠣᠭᠲᠠᠪᠤᠷᠢᠵᠢᠭᠤᠯᠵᠤ᠂ ᠪᠦᠬᠦ ᠬᠦᠴᠦᠨ ᠢᠶᠠᠷ ᠢᠶᠠᠨ ᠠᠵᠤ ᠠᠬᠤᠢ ᠶᠢᠨ ᠬᠥᠭᠵᠢᠯᠲᠡ ᠶᠢᠨ ᠰᠠᠶᠢᠨ ᠰᠠᠶᠢᠬᠠᠨ ᠪᠠᠶᠢᠳᠠᠯ ᠢ ᠪᠠᠲᠤᠯᠠᠨ᠎ᠠ᠃ ᠬᠤᠶᠠᠷ ᠲᠤ᠂ ᠠᠮᠢ ᠠᠬᠤᠢ ᠶᠢ ᠰᠢᠯᠢᠳᠡᠭᠵᠢᠭᠦᠯᠵᠦ᠂ ᠵᠠᠰᠠᠯᠲᠠ ᠶᠢ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠨᠡᠭᠦᠷᠡᠰᠦᠲᠥ᠋ᠷᠥᠭᠴᠢ ᠶᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭᠵᠢᠭᠦᠯᠬᠦ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ᠃ ᠭᠤᠷᠪᠠ ᠳᠤ᠂ ᠳᠠᠪᠠᠭᠤᠯᠢᠭ ᠢᠶᠠᠨ ᠪᠠᠳᠠᠷᠠᠭᠤᠯᠤᠨ᠂ ᠳᠠᠪᠠᠭᠤᠯᠢᠭ ᠢᠶᠠᠨ ᠳᠠᠪᠲᠠᠨ ᠪᠣᠯᠪᠠᠰᠤᠷᠠᠭᠤᠯᠵᠤ᠂ ᠠᠵᠤ ᠦᠢᠯᠡᠳᠪᠦᠷᠢ ᠶᠢᠨ ᠠᠵᠤ ᠦᠢᠯᠡᠰ ᠤᠨ ᠳᠡᠰ ᠳᠡᠪᠰᠢᠬᠦ ᠶᠢ ᠲᠦᠷᠭᠡᠳᠬᠡᠨ᠂ ᠦᠢᠯᠡᠴᠢᠯᠡᠭᠡᠨ ᠤ ᠦᠢᠯᠡᠰ ᠤᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠣᠨᠴᠠᠯᠢᠭᠲᠤ ᠲᠠᠷᠢᠶᠠᠯᠠᠩ ᠢ ᠢᠳᠡᠪᠬᠢᠲᠡᠢ ᠬᠥᠭᠵᠢᠭᠦᠯᠵᠦ᠂ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠬᠦ ᠶᠢ ᠠᠬᠢᠭᠤᠯᠤᠨ᠎ᠠ᠃ ᠲᠦᠷᠪᠡ ᠳᠤ᠂ ᠡᠷᠴᠢᠮᠵᠢᠭᠦᠯᠦᠨ ᠡᠷᠴᠢᠮᠵᠢᠭᠦᠯᠵᠦ᠂ ᠥᠨᠳᠥᠷ ᠪᠦᠲᠦᠮᠵᠢᠲᠡᠢ ᠪᠠᠶᠢᠬᠤ ᠶᠢ ᠠᠬᠢᠭᠤᠯᠵᠤ᠂ ᠭᠠᠵᠠᠷ ᠰᠢᠷᠣᠢ ᠶᠢᠨ ᠦᠢᠯᠡᠳᠦᠯ ᠴᠢᠳᠠᠪᠤᠷᠢ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠤᠰᠤ ᠠᠷᠪᠢᠯᠠᠬᠤ ᠠᠵᠢᠯᠯᠠᠭ᠎ᠠ ᠶᠢ ᠥᠷᠨᠢᠭᠦᠯᠵᠦ᠂ ᠬᠦᠷᠢᠶᠡᠯᠡᠩ ᠲᠣᠭᠤᠷᠢᠭ ᠤᠨ ᠶᠠᠰᠤ ᠴᠢᠨᠠᠷ ᠢ ᠰᠢᠨ᠎ᠡ ᠪᠠᠷ ᠳᠡᠭᠡᠭᠰᠢᠯᠡᠭᠦᠯᠬᠦ ᠶᠢ ᠲᠦᠷᠭᠡᠳᠬᠡᠵᠦ᠂ ᠡᠬᠢ ᠪᠠᠶᠠᠯᠢᠭ ᠤᠨ ᠡᠯᠧᠮᠧᠨ᠋ᠲ ᠤᠨ ᠬᠠᠩᠭᠠᠯᠭ᠎ᠠ ᠶᠢ ᠪᠠᠲᠤᠯᠠᠬᠤ ᠬᠡᠷᠡᠭᠲᠡᠢ᠃ ᠲᠠᠪᠤ ᠳᠤ᠂ ᠥᠭᠡᠷᠡᠴᠢᠯᠡᠯᠲᠡ ᠶᠢ ᠴᠢᠩᠭᠠᠳᠬᠠᠵᠤ᠂ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠥᠷᠨᠢᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠴᠢᠨᠠᠷ ᠰᠠᠶᠢᠲᠠᠢ ᠬᠥᠭᠵᠢᠯᠲᠡ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠢ ᠲᠥᠪᠯᠡᠷᠡᠭᠦᠯᠦᠨ᠎ᠡ᠃ ᠵᠢᠷᠭᠤᠭ᠎ᠠ ᠳᠤ᠂ ᠠᠭᠤᠯᠤᠭᠳᠠᠬᠤᠨ ᠢ ᠠᠭᠤᠳᠠᠯᠵᠤ᠂ ᠥᠷᠭᠡᠨ ᠢᠶᠠᠷ ᠤᠬᠠᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠤᠨᠴᠠᠯᠢᠬᠳᠤ ᠰᠣᠶᠣᠯ ᠵᠢᠭᠤᠯᠴᠢᠯᠠᠯ ᠤᠨ ᠨᠠᠷᠠᠲᠤ ᠲᠡᠮᠳᠡᠭ ᠢ ᠡᠭᠦᠳᠴᠦ᠂ ︽ᠬᠠᠲᠤᠨ ᠭᠤᠤᠯ ᠤᠨ ᠥᠪᠥᠷ ᠮᠣᠩᠭᠤᠯ ᠳᠤ ᠣᠷᠣᠬᠤ ᠠᠩᠬᠠᠨ ᠤ ᠥᠷᠲᠡᠭᠡ︾ ᠶᠢᠨ ᠰᠣᠶᠣᠯ ᠤᠨ ᠨᠡᠷ᠎ᠡ ᠶᠢᠨ ᠬᠠᠭᠤᠳᠠᠰᠤ ᠶᠢ ᠭᠡᠷᠡᠯᠳᠦᠭᠦᠯᠪᠡ᠃ ᠲᠤᠯᠤᠭ᠎ᠠ ᠳᠤ᠂ ᠰᠠᠭᠤᠷᠢ ᠶᠢ ᠴᠢᠩᠭᠠᠳᠬᠠᠵᠤ᠂ ᠶᠠᠰᠤ ᠴᠢᠨᠠᠷ ᠢ ᠳᠡᠭᠡᠭᠰᠢᠯᠡᠭᠦᠯᠵᠦ᠂ ᠬᠤᠳᠠ ᠶᠢᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠬᠤᠳᠠ ᠶᠢᠨ ᠰᠢᠨᠡᠴᠢᠯᠡᠯᠲᠡ ᠶᠢ ᠶᠡᠬᠡᠪᠡᠷ ᠬᠡᠷᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠵᠤ᠂ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠨᠠᠢᠮᠠ ᠳᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠪᠤᠶᠠᠨ ᠵᠢᠷᠭᠠᠯ ᠢ ᠨᠡᠮᠡᠭᠳᠡᠭᠦᠯᠵᠦ᠂ ᠠᠵᠢᠯ ᠣᠯᠭᠤᠯᠲᠠ ᠶᠢᠨ ᠠᠵᠢᠯᠯᠠᠭ᠎ᠠ ᠶᠢ ᠨᠠᠷᠢᠨ ᠬᠢᠨᠠᠮᠠᠭᠠᠢ ᠥᠷᠨᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠢᠳᠡᠪᠬᠢᠲᠡᠢ ᠪᠠᠲᠤ ᠰᠠᠬᠢᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠪᠠ᠃ ᠶᠢᠰᠦ ᠳᠤ ᠠᠮᠤᠷ ᠲᠦᠪᠰᠢᠨ ᠢ ᠪᠠᠲᠤᠯᠠᠵᠤ᠂ ᠲᠣᠭᠲᠠᠭᠤᠨ ᠢ ᠰᠠᠬᠢᠵᠤ᠂ ᠠᠮᠤᠷ ᠲᠦᠪᠰᠢᠨ ᠲᠣᠭᠲᠠᠭᠤᠨ ᠤ ᠬᠤᠷᠢᠭ᠎ᠠ ᠱᠤᠭᠤᠮ ᠢ ᠡᠷᠡᠰ ᠰᠠᠬᠢᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠢᠳᠡᠪᠬᠢᠲᠡᠢ ᠠᠷᠢᠯᠭᠠᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠬᠥᠭᠵᠢᠯᠲᠡ ᠪᠣᠯᠤᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠠᠷᠪᠠ ᠳᠤ ᠬᠦᠴᠦᠷᠬᠡᠭ ᠢᠶᠠᠷ ᠬᠥᠲᠥᠯᠥᠨ ᠳᠠᠭᠠᠭᠤᠯᠵᠤ᠂ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠤᠯᠤᠰ ᠲᠦᠷᠦ ᠶᠢᠨ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠺᠠᠳ᠋ᠷ ᠤᠨ ᠡᠩᠨᠡᠭᠡᠨ ᠤ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠢᠮᠠᠭᠲᠠ ᠲᠤᠤᠱᠯᠠᠭᠤᠯᠵᠤ᠂ ᠲᠣᠭᠤᠷᠢᠨ ᠪᠠᠶᠢᠴᠠᠭᠠᠬᠤ ︽ᠰᠡᠭᠦᠯᠴᠢ ᠶᠢᠨ ᠠᠵᠢᠯ︾ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠠᠮ ᠤᠨ ᠪᠠᠶᠢᠭᠤᠯᠤᠯᠲᠠ ᠶᠢ ᠨᠡᠩ ᠪᠠᠲᠤ ᠴᠢᠩᠭ᠎ᠠ ᠬᠦᠴᠦᠨ ᠲᠠᠢ ᠪᠣᠯᠭᠠᠬᠤ ᠬᠡᠷᠡᠭᠲᠡᠢ᠃      ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠤᠨ ᠠᠵᠢᠯ ᠤᠨ ᠡᠭᠦᠷᠭᠡ ᠪᠠ ᠬᠠᠷᠠᠯᠲᠠ ᠨᠢᠭᠡᠨᠲᠡ ᠲᠣᠳᠣᠷᠬᠠᠶ ᠪᠣᠯᠵᠠᠶ᠂ ᠵᠠᠩᠭᠢᠯᠠᠭ᠎ᠠ ᠨᠢ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠶᠢᠨ ᠵᠠᠩᠭᠢᠯᠠᠭ᠎ᠠ ᠪᠣᠯᠤᠨ᠎ᠠ᠃ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠦᠵᠡᠯ ᠰᠠᠨᠠᠭᠠᠨ ᠤ ᠰᠠᠭᠤᠷᠢ ᠪᠠᠨ ᠦᠨᠡᠨ ᠬᠦ ᠪᠠᠲᠤᠳᠬᠠᠵᠤ᠂ ᠶᠡᠭᠡ ᠲᠠᠯ᠎ᠠ ᠶᠢᠨ ᠰᠡᠳᠬᠢᠬᠦᠢ ᠶᠢ ᠪᠠᠲᠤ ᠪᠤᠢ ᠪᠣᠯᠭᠠᠵᠤ᠂ ︽ᠲᠡᠮᠡᠴᠡᠬᠦ ᠪᠤᠯᠢᠶᠠᠯᠳᠤᠬᠤ︾ ᠤᠬᠠᠮᠰᠠᠷ ᠢᠶᠠᠨ ᠴᠢᠩᠭᠠᠳᠬᠠᠵᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠵᠤ᠂ ᠬᠥᠭᠵᠢᠯᠲᠡ ᠶᠢᠨ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠬᠡᠷᠡᠭᠲᠡᠢ᠃ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠩᠭ᠎ᠠ ᠠᠳᠬᠤᠨ ᠲᠦᠷᠭᠡᠨ ᠬᠢᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠵᠣᠷᠢᠭᠲᠠᠢ ᠪᠠᠷ ᠬᠢᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠬᠦᠴᠢᠷ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠮᠠᠨ ᠤ ᠲᠤᠭᠤᠷᠢᠭ ᠤᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃      ᠪᠦᠬᠦᠳᠡ ᠬᠤᠷᠠᠯ ᠠᠴᠠ᠂ ᠣᠳᠣᠬᠠᠨ ᠳᠤ ᠶᠠᠭ ᠵᠢᠯ ᠤᠨ ᠡᠴᠦᠰ ᠪᠣᠯᠵᠤ ᠪᠠᠶᠢᠨ᠎ᠠ᠂ ᠡᠯ᠎ᠡ ᠪᠠᠯᠭᠠᠰᠤ ︵ᠵᠡᠭᠡᠯᠢ ᠭᠤᠳᠤᠮᠵᠢ︶ ᠶᠢᠨ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠬᠦᠴᠢᠷᠳᠡᠯᠲᠡᠢ ᠤᠯᠠᠨ ᠲᠦᠮᠡᠨ ᠢ ᠡᠷᠬᠢᠨ ᠦᠵᠡᠵᠦ ᠲᠣᠬᠤᠨᠢᠭᠤᠯᠬᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ᠂ ᠠᠶᠤᠯᠭᠦᠢ ᠦᠢᠯᠡᠳᠪᠦᠷᠢᠯᠡᠯ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠵᠡᠷᠭᠡ ᠠᠵᠢᠯ ᠢ ᠨᠠᠷᠢᠨ ᠨᠢᠮᠪᠠᠢ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠡᠷᠡᠰ ᠬᠠᠮᠠᠭᠠᠯᠠᠵᠤ᠂ ᠠᠷᠠᠳ ᠤᠯᠠᠨ ᠤ ᠴᠠᠭᠠᠨ ᠰᠠᠷ᠎ᠠ ᠪᠠᠨ ᠪᠠᠶᠠᠷ ᠬᠦᠷ ᠲᠠᠢ ᠥᠯᠵᠡᠶ ᠪᠡᠯᠭᠡ ᠲᠠᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠪᠥᠬᠦᠳᠡ ᠬᠤᠷᠠᠯ ᠨᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ᠪᠣᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠣᠨ ᠨᠤᠲᠤᠭ ᠤᠨ ᠬᠤᠷᠢᠶᠠᠨ ᠤ ᠠᠵᠢᠯ ᠤᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠵᠤᠤ ᠸᠧᠶ ᠾᠧᠦ᠂ ᠴᠧᠨ ᠬᠠᠶ ᠰᠢᠶᠣᠤ ᠨᠥᠬᠦᠷ ᠤᠨ ᠣᠷᠣᠨ ᠤ ᠨᠠᠮ ᠤᠨ ᠬᠤᠷᠢᠶᠠᠨ ᠤ ᠭᠡᠰᠢᠭᠦᠨ ᠤ ᠲᠤᠰᠢᠶᠠᠯ ᠠᠴᠠ ᠪᠠᠨ ᠪᠠᠭᠤᠬᠤ ᠶᠢ ᠵᠥᠪᠰᠢᠶᠡᠷᠡᠪᠡ᠃      ᠪᠦᠬᠦᠳᠡ ᠬᠤᠷᠠᠯ ᠠᠴᠠ᠂ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ︽ᠭᠠᠪᠢᠶ᠎ᠠ ᠵᠢᠳᠬᠦᠯ ᠵᠠᠪᠠᠯ ᠪᠢ ᠪᠠᠶᠢᠬᠤ︾ ᠡᠭᠦᠷᠭᠡᠯᠡᠯ ᠢ ᠭᠠᠷᠭᠠᠵᠤ᠂ ︽ᠵᠣᠪᠠᠭᠤᠷᠢ ᠵᠦᠳᠡᠭᠦᠷᠢ ᠶᠢ ᠲᠡᠰᠪᠦᠷᠢᠯᠡᠵᠦ᠂ ᠴᠤᠴᠠᠯᠲᠠ ᠦᠭᠡᠢ ᠤᠷᠤᠭᠰᠢᠯᠠᠵᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠭᠰᠣᠬᠤ ᠦᠭᠡᠢ︾ ᠭᠡᠬᠦ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠢᠲᠡᠭᠡᠯ ᠵᠣᠷᠢᠭ ᠢᠶᠠᠨ ᠬᠥᠪᠴᠢᠯᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠣᠯᠤᠨ ᠪᠦᠬᠦ ᠲᠤᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠪᠠᠷ ᠴᠢᠷᠮᠠᠶᠢᠬᠤ ᠬᠡᠷᠡᠭᠲᠡᠢ ᠭᠡᠵᠦ ᠤᠷᠢᠶᠠᠯᠠᠪᠠ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号