ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠶᠢᠨᠠᠨ ᠲᠣᠭᠤᠷᠢᠭ ᠤᠨ ᠷᠠᠰᠠᠩ ᠰᠦᠮ᠎ᠡ ᠪᠠᠯᠭᠠᠰᠤᠨ ᠤ | ᠳᠥᠷᠪᠡᠳᠦᠭᠡᠷ ᠬᠤᠭᠤᠴᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ | 2025 ᠣᠨ ᠤ 1 ᠰᠠᠷ᠎ᠠ ᠶᠢᠨ 7 ᠤ ᠡᠳᠦᠷ ᠬᠤᠷᠠᠯᠳᠤᠪᠠ᠃ | ᠬᠤᠷᠠᠯ ᠠᠴᠠ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠶᠤᠸᠠᠢ ᠯᠦᠩ ᠨᠥᠬᠦᠷ ᠤᠨ ᠪᠠᠯᠭᠠᠰᠤᠨ ᠤ | ᠨᠠᠮ ᠤᠨ ᠬᠤᠷᠢᠶ᠎ᠠ ᠶᠢ ᠲᠥᠯᠥᠭᠡᠯᠡᠨ ᠬᠢᠭᠰᠡᠨ ︽ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ | ᠬᠥᠭᠵᠢᠯᠲᠡ ᠶᠢ ᠠᠬᠢᠭᠤᠯᠵᠤ ᠰᠢᠨ᠎ᠡ ᠬᠠᠭᠤᠳᠠᠰᠤ ᠶᠢ ᠪᠢᠴᠢᠭᠯᠡᠵᠦ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠬᠠᠶᠢᠨᠠᠨ ᠲᠣᠭᠤᠷᠢᠭ ᠤᠨ ᠦᠢᠯᠡᠳᠦᠯᠭᠡ ᠳᠤ ᠬᠤᠪᠢ ᠨᠡᠮᠡᠷᠢ ᠦᠵᠡᠭᠦᠯᠬᠦ ᠷᠠᠰᠠᠩ ᠰᠦᠮ᠎ᠡ | ᠪᠠᠯᠭᠠᠰᠤᠨ ᠤ ᠬᠦᠴᠦᠨ ᠴᠢᠳᠠᠯ︾ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠵᠦ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠠᠶᠢᠨᠠᠨ ᠲᠣᠭᠤᠷᠢᠭ ᠤᠨ ᠷᠠᠰᠠᠩ ᠰᠦᠮ᠎ᠡ ᠪᠠᠯᠭᠠᠰᠤᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠬᠢᠭᠰᠡᠨ ︽ᠴᠢᠨᠠᠷ ᠰᠠᠶᠢᠲᠠᠢ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠪᠠᠷ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ | ᠠᠬᠢᠭᠤᠯᠤᠶ᠎ᠠ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ᠂ ︽ᠨᠠᠮ ᠤᠨ ᠰᠦᠢᠳᠬᠡᠯ ᠢ ᠬᠤᠷᠢᠶᠠᠭᠰᠠᠨ᠂ | ᠬᠡᠷᠡᠭᠯᠡᠭᠰᠡᠨ ᠪᠠ ᠬᠠᠮᠢᠶᠠᠷᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ︾ ᠶᠢ ᠪᠢᠴᠢᠭ ᠢᠶᠠᠷ ᠬᠢᠨᠠᠨ ᠵᠥᠪᠯᠡᠪᠡ᠃ |