ᠪᠠᠶᠠᠨᠲᠤᠬᠤᠢ ᠪᠠᠯᠭᠠᠰᠤ 2025 ᠣᠨ ᠤ ᠠᠩᠬᠠᠳᠤᠭᠠᠷ ᠤᠳᠠᠭ᠎ᠠ ᠶᠢᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/9
      1 ᠰᠠᠷ᠎ᠠ ᠶᠢᠨ 2 ᠤᠨ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢᠦ ᠶᠠᠨ ᠫᠧᠩ ᠪᠠᠶᠠᠨᠲᠤᠬᠤᠢ ᠪᠠᠯᠭᠠᠰᠤᠨ ᠤ 2025 ᠣᠨ ᠤ ᠠᠩᠬᠠᠳᠤᠭᠠᠷ ᠤᠳᠠᠭ᠎ᠠ ᠶᠢᠨ ᠨᠠᠮ ᠤᠨ ᠬᠤᠷᠢᠶ᠎ᠠ ︵ᠥᠷᠭᠡᠳᠬᠡᠭᠰᠡᠨ︶ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠣᠮᠧᠨ ᠤ ᠡᠬᠡ ᠤᠯᠤᠰ ᠲᠠᠭᠠᠨ ᠪᠤᠴᠠᠵᠤ ᠢᠷᠡᠭᠰᠡᠨ 25 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠵᠢᠴᠢ ᠣᠣᠮᠧᠨ ᠤ ᠵᠢᠷᠭᠤᠳᠤᠭᠠᠷ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠳᠤ ᠭᠠᠷᠬᠤ ᠶᠣᠰᠣᠯᠠᠯ ᠤᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠵᠢᠴᠢ ᠶᠡᠷᠦᠩᠬᠡᠢ ᠱᠦᠵᠢ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ︽ᠦᠨᠡᠨ︾ ᠰᠡᠳᠬᠦᠯ ᠤᠨ 2024 ᠣᠨ ᠤ 24 ᠳ᠋ᠦᠭᠡᠷ ᠬᠤᠭᠤᠴᠠᠭᠠᠨ ᠳᠤ ᠨᠡᠶᠢᠲᠡᠯᠡᠭᠰᠡᠨ ︽ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠭᠦᠨᠵᠡᠭᠡᠢ ᠠᠬᠢᠭᠤᠯᠤᠶ᠎ᠠ︾ ᠭᠡᠬᠦ ᠴᠢᠬᠤᠯᠠ ᠵᠣᠬᠢᠶᠠᠯ ᠢ ᠲᠤᠰᠬᠠᠢ ᠰᠡᠳᠦᠪ ᠢᠶᠠᠷ ᠰᠤᠷᠤᠯᠴᠠᠵᠤ᠂ ᠮᠠᠨ ᠤ ᠪᠠᠯᠭᠠᠰᠤᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠪᠦᠬᠦ ᠪᠠᠯᠭᠠᠰᠤᠨ ᠤ ᠳᠡᠭᠡᠳᠦ ᠲᠤᠤᠷᠠᠳᠤ ᠱᠠᠳᠤ ᠪᠠᠷ ᠢᠶᠠᠨ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠡᠯ᠎ᠡ ᠵᠦᠢᠯ ᠤᠨ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠬᠤ ᠬᠡᠷᠡᠭᠲᠡᠢ᠃ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠷᠭᠦᠯᠵᠢᠯᠡᠨ ᠭᠦᠨᠵᠡᠭᠡᠢ ᠠᠬᠢᠭᠤᠯᠵᠤ᠂ ︽ᠭᠤᠣᠯ ᠤᠳᠤᠷᠢᠳᠤᠯᠭ᠎ᠠ ᠲᠦᠷᠦᠭᠦᠯᠡᠨ ᠶᠡᠷᠦᠩᠬᠡᠶᠢᠯᠡᠨ ᠠᠳᠬᠤᠬᠤ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠲᠣᠰᠬᠤᠨ ᠢ ᠳᠠᠭᠠᠭᠠᠴᠢᠯᠠᠭᠰᠠᠨ ᠤᠳᠤᠷᠢᠳᠤᠯᠭ᠎ᠠ ᠪᠣᠳᠠᠲᠠᠢ ᠬᠠᠷᠢᠭᠤᠴᠠᠬᠤ᠂ ᠲᠣᠰᠬᠤᠨ ᠤ ᠬᠤᠶᠠᠷ ᠵᠥᠪᠯᠡᠯ ᠤᠨ ᠺᠠᠳ᠋ᠷ ᠡᠷᠦᠬᠡ ᠶᠢ ᠳᠠᠭᠠᠭᠠᠴᠢᠯᠠᠬᠤ︾ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠨᠡᠩ ᠤᠯᠠᠨ ᠤᠯᠠᠨ ᠲᠦᠮᠡᠨ ᠢ ᠳᠠᠭᠠᠭᠤᠯᠤᠨ ᠬᠦᠳᠦᠯᠦᠨ ᠵᠢᠯᠣᠭᠤᠳᠴᠤ ᠪᠠᠶᠢᠭᠠᠳ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠣᠷᠣᠯᠴᠠᠭᠤᠯᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠤᠰᠤᠯᠠᠯᠲᠠ ᠶᠢᠨ ᠠᠷᠭ᠎ᠠ ᠮᠠᠶ᠋ᠢᠭ ᠢ ᠨᠢᠭᠡᠳᠦᠯᠲᠡᠶ ᠲᠥᠯᠥᠪᠵᠢᠭᠦᠯᠵᠦ᠂ ᠲᠥᠷᠥᠯ ᠵᠦᠶ᠋ᠯ ᠤᠨ ᠣᠷᠣᠨ ᠤ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ᠂ ᠲᠠᠷᠢᠶᠠᠨ ᠭᠠᠵᠠᠷ ᠤᠨ ᠭᠠᠷᠤᠯᠲᠠ ᠶᠢ ᠨᠡᠮᠡᠭᠳᠡᠭᠦᠯᠬᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠤᠯᠠᠮ ᠨᠢᠭᠡ ᠠᠯᠬᠤᠮ ᠪᠡᠶᠡᠯᠡᠭᠦᠯᠬᠦ ᠬᠡᠷᠡᠭᠲᠡᠶ᠃ ᠮᠠᠨ ᠤ ᠪᠠᠯᠭᠠᠰᠤᠨ ᠤ ᠭᠠᠵᠠᠷ ᠰᠢᠷᠣᠶ ᠶᠢ ᠡᠷᠭᠢᠯᠲᠡ ᠳᠤ ᠣᠷᠣᠭᠤᠯᠤᠭᠰᠠᠨ ᠤ ᠳᠠᠷᠠᠭ᠎ᠠ ᠰᠤᠯᠠ ᠪᠠᠶᠢᠭ᠎ᠠ ᠬᠥᠳᠡᠯᠮᠦᠷᠢ ᠬᠦᠴᠦᠨ ᠢ ᠵᠦᠶ ᠵᠣᠬᠢᠰᠲᠠᠶ ᠲᠥᠪᠬᠢᠨᠡᠭᠦᠯᠵᠦ᠂ ᠣᠷᠣᠨ ᠤ ᠱᠠᠲᠤᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠢᠳᠡᠪᠬᠢᠲᠡᠶ ᠪᠠᠷ ᠵᠣᠬᠢᠴᠠᠭᠤᠯᠤᠨ᠂ ᠡᠯ᠎ᠡ ᠲᠥᠷᠥᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠭᠤᠯᠤᠯ ᠢ ᠭᠦᠨᠵᠡᠭᠡᠶ ᠥᠷᠨᠢᠭᠦᠯᠦᠨ᠂ ᠬᠡᠷ ᠲᠡᠭᠡᠨ ᠪᠠᠶᠢᠭ᠎ᠠ ᠣᠯᠠᠨ ᠲᠦᠮᠡᠨ ᠢ ᠢᠳᠡᠪᠬᠢᠲᠡᠶ ᠪᠠᠷ ᠬᠥᠲᠥᠯᠦᠨ ᠵᠢᠯᠣᠭᠤᠳᠴᠤ ᠣᠶᠢᠷ᠎ᠠ ᠬᠠᠪᠢ ᠳᠤᠨᠢ ᠠᠵᠢᠯ ᠣᠯᠭᠤᠬᠤ ᠬᠡᠷᠡᠭᠲᠡᠶ᠃      ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠶᠢᠨᠠᠨ ᠲᠣᠭᠤᠷᠢᠭ ᠤᠨ ᠪᠠᠶᠠᠨᠲᠤᠬᠤᠢ ᠪᠠᠯᠭᠠᠰᠤᠨ ᠤ ᠳᠥᠷᠪᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭ᠎ᠠ ᠶᠢᠨ ᠬᠤᠷᠠᠯ᠂ ᠬᠠᠶᠢᠨᠠᠨ ᠲᠣᠭᠤᠷᠢᠭ ᠤᠨ ᠪᠠᠶᠠᠨᠲᠣᠬᠤᠶ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠶᠢᠨᠠᠨ ᠲᠣᠭᠤᠷᠢᠭ ᠤᠨ ᠪᠠᠶᠠᠨᠲᠣᠬᠤᠶ ᠪᠠᠯᠭᠠᠰᠤᠨ ᠤ ᠳᠥᠷᠪᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭ᠎ᠠ ᠶᠢᠨ ᠬᠤᠷᠠᠯᠳᠤᠭᠠᠨ ᠢ 1 ᠰᠠᠷ᠎ᠠ ᠶᠢᠨ 8 ᠤ ᠡᠳᠦᠷ ᠬᠤᠷᠠᠯᠳᠤᠭᠤᠯᠵᠤ᠂ ᠬᠠᠶᠢᠨᠠᠨ ᠲᠣᠭᠤᠷᠢᠭ ᠤᠨ ᠪᠠᠶᠠᠨᠲᠣᠬᠤᠶ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭ᠎ᠠ ᠶᠢᠨ ᠬᠤᠷᠠᠯᠳᠤᠭᠠᠨ ᠢ 1 ᠰᠠᠷ᠎ᠠ ᠶᠢᠨ 8 ᠤ ᠡᠳᠦᠷ ᠠᠴᠠ 10 ᠤ ᠡᠳᠦᠷ ᠪᠣᠯᠲᠠᠯ᠎ᠠ ᠬᠤᠷᠠᠯᠳᠤᠭᠤᠯᠬᠤ ᠪᠠᠷ ᠲᠣᠭᠲᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号